ᠳ᠋ᠠᠯᠢ ᠪᠦᠯᠦᠭᠯᠡᠯ ᠤᠨ ᠬᠢᠨ ᠲᠠᠶᠢᠹᠤᠰᠧ ᠬᠤᠰᠢᠭᠤᠨ ᠳᠤ  ᠬᠦᠨᠵᠡᠬᠡᠶᠢᠷᠡᠵᠦ ᠰᠢᠨᠵᠢᠯᠡᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2022/7/28
7 ᠰᠠᠷ᠎ᠠ ᠶᠢᠨ 26  ᠤ ᠡᠳᠦᠷ᠂ ᠳ᠋ᠠᠯᠢ ᠪᠦᠯᠦᠭᠯᠡᠯ ᠤᠨ ᠬᠤᠳᠠᠯᠳᠤᠨ ᠠᠪᠬᠤ ᠬᠡᠯᠳᠡᠰ ᠤᠨ ᠶᠡᠷᠦᠩᠬᠡᠢ ᠪᠠᠶᠢᠴᠠᠭᠠᠭᠴᠢ ᠬᠤᠸᠠᠩ ᡁᠢ ᠴᠢᠩ  ᠵᠡᠷᠭᠡ ᠬᠦᠮᠦᠰ ᠢᠶᠠᠷ ᠪᠦᠷᠢᠯᠳᠦᠭᠰᠡᠨ ᠰᠢᠨᠵᠢᠯᠡᠨ ᠪᠠᠶᠢᠴᠠᠭᠠᠬᠤ ᠪᠦᠯᠬᠦᠮ ᠲᠠᠶᠢᠹᠤᠰᠧ ᠬᠤᠰᠢᠭᠤᠨ ᠳᠤ ᠢᠷᠡᠵᠤ  ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠭᠰᠠᠨ ᠪᠠᠶᠢᠨ᠎ᠠ᠃ ᠰᠢᠨᠵᠢᠯᠡᠨ ᠪᠠᠶᠢᠴᠠᠭᠠᠬᠤ  ᠪᠦᠯᠬᠦᠮ ᠤᠨ ᠬᠢᠨ ᠤᠷᠢᠳ ᠬᠤᠵᠢᠳ ᠭᠧ ᠷᠦᠢ ᠳ᠋ᠧ ᠲᠥᠮᠥᠰᠥᠨ ᠤ ᠦᠢᠯᠡᠰ ᠤᠨ ᠬᠢᠵᠠᠭᠠᠷᠲᠤ ᠺᠣᠮᠫᠠᠨᠢ ᠪᠣᠯᠣᠨ  ᠳ᠋ᠧ ᠹᠧᠩ ᠶᠤᠸᠠᠨ ᠲᠠᠷᠢᠶᠠᠯᠠᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠥᠮᠥᠰᠥ ᠲᠠᠷᠢᠬᠤ ᠰᠠᠭᠤᠷᠢᠨ ᠳᠤ ᠬᠦᠨᠵᠡᠬᠡᠶᠢᠷᠡᠵᠦ᠂ ᠲᠠᠶᠢᠹᠤᠰᠧ ᠬᠤᠰᠢᠭᠤᠨ ᠤ ᠭᠠᠵᠠᠷ ᠣᠷᠣᠨ ᠤ ᠨᠥᠬᠦᠴᠡᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠶᠢᠨ ᠪᠠᠶᠢᠳᠠᠯ ᠢ ᠤᠶᠢᠯᠠᠭᠠᠭᠰᠠᠨ ᠪᠦᠬᠡᠳ ᠬᠤᠰᠢᠭᠤᠨ ᠤ ᠤᠳᠤᠷᠢᠳᠤᠯᠭ᠎ᠠ ᠨᠠᠷ  ᠲᠠᠢ ᠶᠠᠷᠢᠯᠴᠠᠬᠤ ᠬᠤᠷᠠᠯ ᠬᠢᠵᠦ ᠰᠠᠨᠠᠯ ᠢᠶᠠᠨ  ᠰᠤᠯᠢᠯᠴᠠᠵᠠᠢ᠃ ᠶᠠᠷᠢᠯᠴᠠᠬᠤ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ   ᠤᠷᠳᠤᠨ ᠤ ᠬᠤᠰᠢᠭᠤ ᠳᠠᠷᠤᠭ᠎ᠠ ᠴᠧᠨ ᠶᠠᠨ ᠪᠦᠦ   ᠠᠴᠠ ᠬᠤᠰᠢᠭᠤᠨ ᠤ ᠠᠬᠤᠢ ᠪᠠᠶᠢᠳᠠᠯ᠂ ᠪᠡᠯᠡ ᠣᠷᠣᠭᠤᠯᠤᠯᠲᠠ ᠶᠢᠨ ᠳᠠᠪᠠᠭᠤᠯᠢᠭ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ  ᠲᠠᠯᠠᠪᠠᠷ ᠲᠠᠨᠢᠯᠴᠠᠭᠤᠯᠵᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠴᠧᠨ ᠶᠠᠨ ᠪᠦᠦ ᠬᠡᠯᠡᠬᠦ ᠳᠡᠭᠡᠨ᠂  ᠲᠠᠶᠢᠹᠤᠰᠧ ᠬᠤᠰᠢᠭᠤ ᠪᠤᠯ  142 ᠲᠦᠮᠡᠨ ᠮᠦ ᠲᠠᠷᠢᠶᠠᠯᠠᠩ ᠤᠨ ᠲᠠᠯᠠᠪᠠᠢ᠂  45 ᠲᠦᠮᠡᠨ ᠮᠦ ᠢᠯᠡᠬᠦᠦ ᠲᠥᠮᠥᠰᠥ ᠳᠠᠷᠢᠬᠤ ᠲᠠᠯᠠᠪᠠᠶ ᠲᠠᠢ  ᠂ ᠲᠥᠷᠥᠯ ᠵᠦᠢᠯ ᠤᠨ ᠦᠢᠯᠡᠳᠪᠦᠷᠢᠯᠡᠯ ᠤᠨ ᠦᠨᠳᠦᠰᠦᠨ ᠨᠥᠬᠦᠴᠡᠯ ᠢ ᠬᠠᠩᠭᠠᠭᠰᠠᠨ᠂ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠲᠠᠢ᠂ ᠪᠡᠯᠡ ᠣᠷᠣᠭᠤᠯᠤᠯᠲᠠ ᠳᠤ ᠲᠤᠬᠢᠷᠠᠮᠵᠢᠳᠠᠢ ᠭᠠᠵᠠᠷ ᠶᠤᠮ᠃ ᠬᠥᠳᠡᠭᠡ ᠠᠵᠤ ᠠᠬᠤᠢ ᠶᠢᠨ ᠤᠳᠤᠬᠢᠴᠢᠯᠠᠭᠰᠠᠨ ᠬᠥᠭᠵᠢᠯᠲᠡ ᠨᠢ ᠲᠣᠮᠣ ᠪᠦᠯᠦᠭᠯᠡᠯ ᠲᠣᠮᠣ ᠠᠵᠤ ᠠᠬᠤᠶᠢᠯᠠᠯ ᠤᠨ ᠬᠠᠯᠠᠮᠵᠢᠯᠠᠯ ᠪᠠ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠳ᠋ᠠᠯᠢ ᠪᠦᠯᠦᠭᠯᠡᠯ   ᠤᠨ ᠬᠢᠨ ᠡᠨᠡ  ᠤᠳᠠᠭᠠᠨ ᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠪᠠᠷ ᠳᠠᠮᠵᠢᠨ᠂  ᠲᠠᠶᠢᠹᠤᠰᠧ ᠬᠤᠰᠢᠭᠤ ᠶᠢ ᠨᠡᠩ ᠭᠦᠨᠵᠡᠭᠡᠢ ᠣᠶᠢᠯᠠᠭᠠᠵᠤ᠂  ᠲᠠᠶᠢᠹᠤᠰᠧ ᠬᠤᠰᠢᠭᠤᠨ ᠳᠤ ᠪᠡᠯᠡ ᠣᠷᠣᠭᠤᠯᠤᠨ ᠦᠢᠯᠡᠰ ᠪᠦᠳᠦᠭᠡᠵᠦ᠂  ᠲᠠᠶᠢᠹᠤᠰᠧ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃  ᠮᠠᠨ ᠤ ᠬᠤᠰᠢᠭᠤᠨ ᠤ ᠬᠢᠨ ᠠᠷᠠᠯᠵᠢᠶᠠᠴᠢᠨ ᠤᠷᠢᠬᠤ ᠲᠦᠷᠦ ᠶᠢᠨ ᠪᠣᠳᠣᠯᠭ᠎ᠠ ᠪᠠᠨ ᠤᠯᠠᠮ ᠲᠡᠭᠦᠯᠳᠡᠷᠵᠢᠭᠦᠯᠵᠦ᠂ ᠪᠡᠯᠡ ᠣᠷᠣᠭᠤᠯᠤᠯᠲᠠ ᠶᠢᠨ ᠣᠷᠴᠢᠨ ᠨᠦᠬᠦᠴᠡᠯ ᠢ ᠴᠢᠨᠠᠭᠰᠢᠳᠠ ᠰᠢᠯᠢᠳᠡᠭᠵᠢᠬᠦᠯᠦᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ  ᠮᠠᠨ ᠤ ᠬᠤᠰᠢᠭᠤᠨ ᠳᠤ ᠢᠷᠡᠵᠦ ᠬᠠᠮᠳᠤᠪᠠᠷ ᠬᠥᠭᠵᠢᠬᠦ ᠳᠤ ᠰᠢᠯᠢᠳᠡᠭ ᠰᠠᠶᠢᠨ ᠨᠥᠬᠦᠴᠡᠯ ᠢ ᠪᠦᠷᠢᠯᠳᠦᠭᠦᠯᠵᠦ ᠦᠭᠬᠦᠨ᠎ᠡ ᠬᠡᠵᠡᠢ᠃  ᠬᠤᠸᠠᠩ ᡁᠢ ᠴᠢᠩ ᠠᠵᠤ ᠠᠬᠤᠶᠢᠯᠠᠯ ᠤᠨ  ᠢᠶᠠᠨ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ ᠢ ᠨᠠᠷᠢᠨ ᠲᠠᠨᠢᠯᠴᠠᠭᠤᠯᠤᠭᠰᠠᠨ ᠤ ᠬᠠᠮᠳᠤ᠂  ᠪᠦᠯᠦᠭᠯᠡᠯ ᠤᠨ ᠬᠢᠨ ᠲᠤᠰ ᠪᠡᠶ᠎ᠡ  ᠶᠢᠨ ᠳᠠᠪᠠᠭᠤᠯᠢᠭ ᠲᠠᠭᠠᠨ ᠲᠦᠰᠢᠭᠯᠡᠵᠦ᠂  ᠲᠠᠶᠢᠹᠤᠰᠧ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂  ᠬᠠᠮᠲᠤᠷᠠᠯᠴᠠᠭ᠎ᠠ ᠰᠣᠯᠢᠯᠴᠠᠭ᠎ᠠ  ᠪᠠᠨ ᠬᠦᠨᠵᠡᠬᠡᠶᠢᠷᠡᠬᠦᠯᠦᠨ᠂ ᠬᠤᠶᠠᠷ ᠲᠠᠯ᠎ᠠ ᠪᠠᠷ ᠢᠶᠠᠨ  ᠬᠠᠮᠵᠢᠯᠴᠠᠨ ᠠᠵᠢᠯᠯᠠᠵᠤ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ  ᠢᠯᠡᠷᠭᠡᠶᠢᠯᠡᠭᠰᠡᠨ ᠪᠠᠶᠢᠨ᠎ᠠ᠃  ᠳᠡᠳ᠋ ᠬᠤᠰᠢᠭᠤ ᠳᠠᠷᠤᠭ᠎ᠠ ᠯᠢ ᠵᠠᠨ ᠪᠦᠦ᠂ ᠪᠦᠦ ᠴᠢᠩ ᠱᠠᠨ ᠵᠢᠴᠢ ᠬᠤᠰᠢᠭᠤᠨ ᠤ ᠲᠠᠷᠢᠶᠠᠯᠠᠩ  ᠮᠠᠯ ᠠᠵᠤ ᠠᠬᠤᠢ ᠶᠢᠨ ᠲᠣᠪᠴᠢᠶ᠎ᠠ᠂ ᠬᠦᠷᠢᠶᠡᠯᠡᠩ ᠲᠣᠭᠤᠷᠢᠭ ᠤᠨ ᠠᠯᠪᠠᠨ ᠭᠡᠷ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号