ᠥᠷᠯᠥᠭᠡ ᠦᠳᠡᠰᠢ ᠶᠢᠨ ᠵᠠᠬ᠎ᠠ ᠶᠢ ᠪᠠᠶᠢᠴᠠᠭᠠᠵᠤ  ᠢᠳᠡᠭᠡᠨ ᠤᠮᠳᠠᠭᠠᠨ ᠤ ᠠᠶᠤᠯᠬᠦᠢ ᠶᠢ ᠪᠠᠳᠤᠯᠠᠨᠠᠮ
ᠨᠡᠶᠢᠲᠡᠯᠡᠭᠰᠡᠨ ᠴᠠᠭ᠄
2022/7/28
  ᠬᠤᠭᠤᠴᠠᠭ᠎ᠠ ᠨᠢ ᠥᠩᠭᠡᠷᠡᠭᠰᠡᠨ᠂ ᠴᠢᠨᠠᠷ ᠨᠢ ᠬᠤᠪᠢᠷᠠᠭᠰᠠᠨ ᠢᠳᠡᠭᠡᠨ ᠤᠮᠳᠠᠭᠠᠨ ᠤ ᠵᠠᠬ᠎ᠠ ᠳᠤ ᠭᠠᠷᠬᠤ ᠶᠢ ᠰᠡᠷᠭᠡᠶᠢᠯᠡᠵᠦ᠂  ᠠᠷᠠᠳ ᠢᠷᠭᠡᠳ ᠤᠨ ᠪᠡᠶ᠎ᠡ ᠶᠢᠨ ᠡᠷᠡᠭᠦᠯ ᠮᠡᠨᠳᠦ ᠪᠠ ᠬᠡᠷᠡᠭᠯᠡᠭᠡᠨ ᠤ ᠠᠮᠤᠷ ᠲᠦᠪᠰᠢᠨ ᠢ  ᠪᠠᠳᠤᠯᠠᠨ ᠂  ᠵᠠᠬ᠎ᠠ  ᠲᠡᠯᠬᠡᠬᠦᠷ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ   ᠨᠢ ᠪᠤᠤᠴᠠᠩ ᠪᠠᠯᠭᠠᠰᠤᠨ ᠤ ᠥᠷᠯᠥᠭᠡ ᠦᠳᠡᠰᠢ ᠶᠢᠨ ᠠᠷᠠᠯᠵᠢᠶᠠᠨ ᠤ ᠵᠠᠬ᠎ᠠ   ᠳᠤ ᠢᠳᠡᠭᠡᠨ ᠤ ᠠᠮᠤᠷ ᠲᠦᠪᠰᠢᠨ ᠤ ᠲᠤᠰᠬᠠᠢ  ᠪᠠᠶᠢᠴᠠᠭᠠᠯᠳᠠ ᠬᠢᠭᠰᠡᠨ ᠪᠠᠶᠢᠨ᠎ᠠ᠃  ᠡᠨᠡ ᠤᠳᠠᠭᠠᠨ ᠤ ᠪᠠᠶᠢᠴᠠᠭᠠᠯᠲᠠ ᠳᠤ ᠭᠤᠣᠯᠳᠠᠭᠤ ᠢᠳᠡᠭᠡᠨ ᠤ ᠠᠮᠤᠷ ᠲᠦᠪᠰᠢᠨ ᠢ ᠪᠠᠳᠤᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠬᠠᠷᠠᠯᠲᠠ ᠪᠣᠯᠭᠠᠵᠤ᠂   ᠡᠷᠡᠭᠦᠯ ᠮᠡᠨᠳᠦ ᠶᠢᠨ ᠦᠨᠡᠮᠯᠡᠯ᠂ ᠪᠠᠷᠠᠭ᠎ᠠ ᠣᠷᠣᠭᠤᠯᠤᠭᠰᠠᠨ ᠳᠠᠩᠰᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠭᠤᠣᠯᠳᠠᠯᠭ᠎ᠠ  ᠲᠠᠢ ᠪᠠᠶᠢᠴᠠᠭᠠᠯᠲᠠ ᠬᠢᠬᠦ ᠶᠢᠨ ᠬᠠᠮᠲᠤ᠂   ᠪᠠᠷᠠᠭ᠎ᠠ ᠣᠷᠣᠭᠤᠯᠬᠤ  ᠰᠢᠯᠭᠠᠨ ᠪᠠᠶᠢᠴᠠᠭᠠᠯᠳᠠ᠂ ᠲᠦᠭᠦᠬᠡᠢ ᠮᠠᠲ᠋ᠧᠷᠢᠶᠠᠯ ᠬᠤᠳᠠᠯᠳᠤᠨ ᠠᠪᠤᠭᠰᠠᠨ ᠲᠡᠮᠳᠡᠭ ᠪᠠᠷᠢᠮᠲᠠ᠂  ᠢᠷᠡᠯᠲᠡ ᠲᠤᠳᠤᠷᠬᠠᠢ ᠦᠭᠡᠢ ᠮᠢᠬᠠᠨ ᠤ ᠵᠦᠢᠯ ᠪᠠ ᠲᠦᠭᠦᠬᠡᠢ ᠮᠠᠲ᠋ᠧᠷᠢᠶᠠᠯ ᠢ  ᠤᠷᠤᠭᠤᠯᠬᠤ ᠪᠠ ᠬᠡᠷᠡᠭᠯᠡᠬᠦ  ᠵᠢᠴᠢ ᠠᠵᠢᠯᠳᠠᠳ ᠤᠨ  ᠡᠮᠦᠰᠴᠦ ᠵᠡᠬᠦᠬᠦ᠂ ᠠᠮᠠᠪᠴᠢ ᠬᠡᠷᠡᠭᠯᠡᠬᠦ ᠲᠠᠯ᠎ᠠ ᠪᠠᠷ  ᠡᠵᠡᠩᠨᠡᠭᠴᠢᠳ ᠲᠤ ᠴᠢᠩᠭ᠎ᠠ ᠱᠠᠭᠠᠷᠳᠠᠯᠭ᠎ᠠ  ᠲᠠᠯᠪᠢᠵᠠᠢ᠃    ᠪᠤᠤᠴᠠᠩ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠪᠤᠷᠢ ᠶᠢᠨ ᠳᠠᠷᠤᠭ᠎ᠠ ᠮᠠ ᡁᠢ ᠪᠢᠶᠣᠣ᠄ ︽ᠡᠨᠡ ᠤᠳᠠᠭᠠᠨ ᠤ  ᠲᠤᠰᠬᠠᠢ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠨᠢ  ᠡᠵᠡᠩᠨᠡᠯᠲᠡ ᠶᠢᠨ ᠠᠵᠢᠯᠯᠠᠭ᠎ᠠ ᠶᠢ   ᠴᠢᠨᠠᠭᠰᠢᠳᠠ ᠲᠦᠷᠢᠮᠵᠢᠬᠦᠯᠵᠦ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ  ᠨᠠᠶᠢᠳᠠᠪᠤᠷᠢᠵᠢᠭᠤᠯᠤᠨ᠂  ᠬᠤᠭᠤᠴᠠᠭ᠎ᠠ ᠨᠢ  ᠦᠩᠭᠡᠷᠡᠭᠰᠡᠨ᠂ ᠬᠢᠷᠢ ᠲᠡᠩᠴᠡᠬᠦ ᠦᠭᠡᠢ ᠢᠳᠡᠭᠡᠨ ᠤᠮᠳᠠᠭᠠᠨ ᠪᠠ ᠬᠤᠣᠷ ᠲᠠᠢ ᠢᠳᠡᠭᠡᠨ ᠤᠮᠳᠠᠭᠠᠨ  ᠵᠠᠬ᠎ᠠ ᠳᠤ ᠭᠠᠷᠬᠤ ᠶᠢ ᠡᠷᠡᠰ ᠬᠤᠷᠢᠭᠯᠠᠵᠤ᠂ ᠬᠡᠷᠡᠭᠯᠡᠭᠴᠢᠳ ᠤᠨ  ᠡᠷᠡᠬᠦᠯ ᠮᠡᠨᠳᠦ ᠪᠠ ᠠᠮᠤᠷ ᠲᠦᠪᠰᠢᠨ ᠢ ᠪᠠᠳᠤᠯᠠᠨ᠂  ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠢ ᠪᠣᠢ ᠪᠣᠯᠭᠠᠬᠤ ᠶᠢᠨ ᠲᠥᠯᠥᠭᠡ ᠶᠤᠮ︾᠃      ᠡᠨᠡ ᠤᠳᠠᠭᠠᠨ ᠤ ᠪᠠᠶᠢᠴᠠᠭᠠᠯᠲᠠ ᠳᠤ  120 ᠬᠠᠤᠯᠢ ᠬᠡᠷᠡᠭᠵᠢᠭᠦᠯᠬᠦ ᠠᠵᠢᠯᠲᠠᠨ ︵ᠤᠳᠠᠭ᠎ᠠ︶  ᠬᠦᠳᠡᠯᠦᠯᠴᠡᠵᠦ᠂  40 ᠭᠠᠷᠤᠢ ᠡᠵᠡᠩᠨᠡᠯᠳᠡ ᠶᠢᠨ ᠡᠷᠦᠬᠡ ᠶᠢᠨ ᠪᠠᠶᠢᠴᠠᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠣᠭᠲᠠᠮᠠᠯ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠦᠷᠨᠢᠬᠦᠯᠦᠨ᠂  ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠪᠠᠶᠢᠴᠠᠭᠠᠯᠲᠠ ᠶᠢᠨ ᠦᠷ᠎ᠡ ᠪᠦᠲᠦᠭᠡᠯ ᠢ ᠤᠯᠠᠮ ᠪᠠᠬᠢᠵᠢᠬᠦᠯᠦᠨ᠂ ᠥᠷᠭᠡᠨ ᠣᠯᠠᠨ ᠬᠡᠷᠡᠭᠯᠡᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠡᠷᠡᠰ ᠬᠠᠮᠠᠭᠠᠯᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号