7 ᠰᠠᠷ᠎ᠠ ᠶᠢᠨ 27 ᠤ ᠡᠳᠦᠷ᠂ ᠲᠠᠶᠢᠹᠤᠰᠧ ᠬᠤᠰᠢᠭᠤ ᠪᠦᠬᠦ ᠠᠶᠢᠮᠠᠭ ᠤᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠨᠢᠭᠡᠳᠦᠭᠡᠷ ᠰᠢᠪᠠᠳᠠᠨ ᠵᠢᠯᠤᠭᠤᠳᠬᠤ ᠳᠤᠭᠤᠶᠢᠯᠠᠩ ᠳᠤ | ᠬᠠᠷᠢᠭᠤ ᠮᠡᠳᠡᠭᠦᠯᠬᠦ ᠬᠤᠷᠠᠯ ᠬᠢᠵᠦ᠂ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ | ᠵᠦᠪᠯᠡᠯ ᠤᠨ ᠳᠡᠳ᠋ ᠱᠦᠵᠢ ᠮᠧᠩ ᠬᠠᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ | ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠳ᠋ᠦ᠋ ᠸᠧᠢ᠂ ᠵᠠᠰᠠᠭ ᠤᠨ ᠣᠷᠳᠣᠨ ᠤ ᠳᠡᠳ᠋ ᠬᠤᠰᠢᠭᠤ | ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ ᠸᠠᠩ ᠵᠢᠦᠢ ᠰᠢ᠂ ᠰᠢᠭᠦᠬᠦ ᠬᠤᠷᠢᠶᠠᠨ ᠳᠠᠷᠤᠭ᠎ᠠ | ᠯᠢ ᠯᠢ ᠵᠢᠶᠦ᠋ᠨ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠳ᠋ᠦ᠋ ᠸᠧᠢ ᠲᠠᠶᠢᠹᠤᠰᠧ ᠬᠤᠰᠢᠭᠤᠨ ᠤ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠬᠢᠨᠠᠨ ᠵᠢᠯᠤᠭᠤᠳᠬᠤ ᠳᠤᠭᠤᠶᠢᠯᠠᠩ ᠠᠴᠠ᠂ ᠤᠳᠤ ᠪᠤᠯ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠬᠦ ᠵᠠᠩᠭᠢᠯᠠᠭ᠎ᠠ ᠶᠢᠨ ᠴᠠᠭ ᠦᠶ᠎ᠡ ᠪᠠᠶᠢᠵᠤ᠂ ᠠᠵᠢᠯ ᠡᠭᠦᠷᠭᠡ ᠨᠦᠰᠡᠷ ᠬᠦᠨᠳᠦ ᠪᠥᠭᠡᠳ ᠪᠡᠷᠬᠡ | ᠬᠠᠲᠠᠭᠤᠵᠢᠯᠲᠠᠢ ᠪᠠᠶᠢᠭ᠎ᠠ᠃ ᠲᠠᠶᠢᠹᠤᠰᠧ ᠬᠤᠰᠢᠭᠤᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ | ᠲᠣᠭᠲᠠᠭᠤᠨ ᠢ ᠬᠠᠮᠠᠭᠠᠯᠠᠬᠤ ᠠᠵᠢᠯ ᠢ ᠦᠷᠭᠦᠯᠵᠢᠯᠡᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠱᠠᠳᠤ ᠡᠯ᠎ᠡ | ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠤᠯᠠᠮ ᠢᠯᠡᠬᠦᠦ ᠪᠤᠳᠠᠳᠠᠶᠢᠵᠢᠭᠤᠯᠤᠨ᠂ ᠨᠢᠭᠡᠳᠦᠯᠲᠡᠢ | ᠲᠥᠯᠥᠪᠵᠢᠭᠦᠯᠬᠦ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠪᠦᠷᠢᠯᠳᠦᠬᠦᠯᠦᠨ᠂ ᠲᠣᠭᠲᠠᠮᠠᠯ ᠪᠤᠶᠤ | ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ᠂ ᠵᠥᠷᠢᠴᠡᠯ ᠵᠢᠭᠤᠷᠠᠭᠠᠨ ᠢ ᠴᠠᠭ ᠲᠤᠬᠠᠢ ᠳᠤᠨᠢ | ᠨᠠᠷᠢᠨ ᠨᠢᠮᠪᠠᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃ ᠡᠯ᠎ᠡ ᠰᠠᠯᠠᠭ᠎ᠠ ᠮᠥᠴᠢᠷ ᠤᠨ ᠬᠢᠨ ᠰᠠᠬᠢᠯᠭ᠎ᠠ ᠪᠠᠲᠤ ᠶᠢ | ᠴᠢᠩᠭᠠᠳᠬᠠᠨ᠂ ᠡᠷᠡᠰ ᠴᠢᠩᠭ᠎ᠠ ᠰᠠᠬᠢᠯᠭ᠎ᠠ ᠪᠠᠲᠤ ᠶᠢᠨ ᠠᠷᠭ᠎ᠠ ᠪᠠᠷᠢᠯ ᠢᠶᠠᠷ ᠠᠮᠤᠷ ᠲᠣᠭᠲᠠᠭᠤᠨ ᠢ ᠬᠠᠮᠠᠭᠠᠯᠠᠬᠤ | ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠬᠤᠷᠠᠯ ᠤᠨ ᠳᠠᠷᠠᠭ᠎ᠠ᠂ ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠭᠤᠣᠯᠳᠠᠯᠭ᠎ᠠ ᠲᠠᠢ ᠰᠠᠯᠠᠭ᠎ᠠ ᠮᠥᠴᠢᠷ᠂ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠭᠦᠨᠵᠡᠭᠡᠶᠢᠷᠡᠵᠦ᠂ ᠣᠯᠠᠨ ᠬᠠᠷᠠᠭᠠᠰᠤ᠂ ᠣᠯᠠᠨ ᠠᠷᠭ᠎ᠠ᠂ ᠣᠯᠠᠨ | ᠲᠠᠯ᠎ᠠ ᠪᠠᠷ ᠲᠠᠶᠢᠹᠤᠰᠧ ᠬᠤᠰᠢᠭᠤᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ | ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠳᠠ ᠪᠠ ᠵᠢᠯᠤᠭᠤᠳᠤᠯᠭ᠎ᠠ ᠬᠢᠪᠡ ᠃ ᠪᠦᠬᠦ | ᠠᠶᠢᠮᠠᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠨᠢᠭᠡᠳᠦᠭᠡᠷ | ᠬᠢᠨᠠᠨ ᠵᠢᠯᠤᠭᠤᠳᠬᠤ ᠳᠤᠭᠤᠶᠢᠯᠠᠩ ᠤᠨ ᠭᠡᠰᠢᠬᠦᠳ᠂ ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ |