ᠵᠣᠣ ᠹᠧᠢ ᠫᠧᠩ ᠱᠦᠵᠢ ᠶᠢᠨ ᠲᠤᠰᠬᠠᠢ ᠰᠡᠳᠦᠪᠲᠦ ᠬᠤᠷᠠᠯ  ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/29
 7 ᠰᠠᠷ᠎ᠠ ᠶᠢᠨ 27 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠥᠯᠥ ᠬᠥᠳᠡᠯᠬᠦ ᠬᠥᠷᠥᠩᠭᠡ ᠶᠢᠨ ᠦᠨᠡᠮᠯᠡᠯ ᠢ ᠭᠦᠢᠴᠡᠳᠬᠡᠬᠦ ᠪᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠵᠡᠷᠭᠡ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠤᠨ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ  ᠳᠠᠷᠤᠭ᠎ᠠ ᠴᠧᠨ ᠶᠠᠨ ᠪᠦᠦ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠶᠧ ᠶᠢᠨ ᠳ᠋ᠦᠩ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠬᠤᠷᠠᠯ ᠳᠤ ᠣᠷᠣᠯᠴᠠᠵᠠᠢ᠃ ᠬᠤᠷᠠᠯ ᠠᠴᠠ  ᠂ ᠣᠷᠣᠨ ᠰᠠᠭᠤᠴᠠ ᠪᠠ  ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂  ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠳᠠ ᠶᠢᠨ ᠰᠠᠯᠠᠭ᠎ᠠ ᠮᠥᠴᠢᠷ ᠤᠳ ᠨᠢ ᠠᠵᠢᠯ ᠤᠨ ᠡᠷᠴᠢᠮ ᠢᠶᠠᠨ ᠤᠯᠠᠮ ᠴᠢᠩᠭᠠᠷᠠᠭᠤᠯᠵᠤ᠂ ᠬᠠᠤᠯᠢ ᠲᠦᠷᠢᠮ ᠢ ᠪᠠᠷᠢᠮᠳᠠᠯᠠᠬᠤ᠂ ᠲᠥᠪ ᠭᠤᠥᠯᠴᠢ ᠶᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ᠂ ᠲᠥᠷᠥᠯ ᠬᠤᠪᠢᠶᠠᠨ ᠰᠢᠢᠳᠪᠦᠷᠢᠯᠡᠬᠦ ᠵᠠᠷᠴᠢᠮ ᠶᠣᠰᠣᠭᠠᠷ᠂ ᠠᠵᠢᠯ ᠤᠨ ᠠᠷᠭ᠎ᠠ  ᠪᠠᠷᠢᠯ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠯᠥ ᠬᠥᠳᠡᠯᠬᠦ ᠬᠥᠷᠥᠩᠭᠡ ᠶᠢᠨ ᠦᠨᠡᠮᠯᠡᠯ ᠢ ᠳᠡᠩᠰᠡᠯᠡᠨ ᠭᠦᠢᠴᠡᠳᠬᠡᠬᠦ ᠠᠵᠢᠯ ᠢ ᠪᠥᠬᠦ ᠬᠦᠴᠦᠨ ᠢᠶᠠᠷ ᠠᠬᠢᠭᠤᠯᠤᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠬᠤ ᠬᠡᠷᠡᠭᠲᠡᠢ᠃ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠬᠦᠨᠵᠡᠬᠡᠶᠢᠷᠡᠬᠦᠯᠦᠨ᠂ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠥᠨᠳᠥᠷᠴᠡ᠂ ᠶᠡᠭᠡ ᠲᠠᠯ᠎ᠠ ᠳᠤ ᠦᠢᠯᠡᠴᠢᠯᠡᠬᠦ ᠥᠨᠳᠥᠷᠴᠡ᠂ ᠨᠠᠮ ᠢ ᠬᠠᠮᠢᠶᠠᠷᠴᠤ ᠨᠠᠮ ᠢ ᠵᠠᠰᠠᠬᠤ ᠥᠨᠳᠥᠷᠴᠡ ᠳᠤ ᠵᠣᠭᠰᠣᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂  ᠣᠷᠣᠰᠢᠵᠤ ᠪᠠᠶᠢᠭ᠎ᠠ ᠵᠥᠷᠢᠶ᠎ᠡ  ᠲᠤᠳᠠᠭᠳᠠᠯ ᠢᠶᠠᠨ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠨ᠂ ᠠᠷᠭ᠎ᠠ  ᠪᠠᠷᠢᠯ ᠢᠶᠠᠨ ᠤᠯᠠᠮ ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠪᠦᠲᠦᠮᠵᠢᠲᠡᠶ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠨ᠂ ᠪᠥᠬᠦ ᠬᠤᠰᠢᠭᠤᠨ ᠤ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠲᠡᠭᠡᠭᠰᠢᠯᠡᠬᠦᠯᠬᠦ ᠭᠡᠷᠡᠭᠳᠡᠢ ᠱᠠᠭᠠᠷᠳᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号