ᠭᠡᠭᠡᠷ᠎ᠡ ᠶᠢᠨ ᠪᠦᠷᠬᠦᠳ ᠢ  ︽ᠭᠡᠷ ᠲᠤᠨᠢ ᠬᠦᠷᠭᠡᠪᠡ︾
ᠨᠡᠶᠢᠲᠡᠯᠡᠭᠰᠡᠨ ᠴᠠᠭ᠄
2022/7/29
   ᠣᠶᠢᠷ᠎ᠠ ᠳᠤ᠂ ᠲᠠᠶᠢᠹᠤᠰᠧ ᠬᠤᠰᠢᠭᠤᠨ ᠤ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶᠠᠨ ᠤ ᠳᠤᠮᠳᠠᠳᠤ ᠤᠯᠤᠰ ᠤᠨ ᠠᠮᠢᠲᠠᠨ ᠢ ᠬᠠᠮᠠᠭᠠᠯᠠᠬᠤ ᠨᠡᠶᠢᠭᠡᠮᠯᠢᠭ ᠤᠨ ᠲᠠᠶᠢᠹᠤᠰᠧ ᠬᠤᠰᠢᠭᠤᠨ ᠳᠠᠬᠢ ᠭᠠᠯᠠᠭᠤ ᠰᠢᠪᠠᠭᠤᠳ ᠢ ᠬᠠᠮᠠᠭᠠᠯᠠᠬᠤ ᠠᠩᠭᠢ ᠲᠠᠢ ᠬᠠᠮᠳᠤ   ᠳᠠᠭᠠᠨ ᠬᠦᠨᠪᠤᠯᠠᠭ ᠰᠤᠮᠤᠨ ᠤ ᠦᠴᠢ ᠣᠪᠣᠭ᠎ᠠ ᠭᠠᠴᠠᠭᠠᠨ ᠤ  ᠵᠡᠬᠦᠨᠳᠡᠬᠢ ᠥᠨᠳᠥᠷ ᠠᠭᠤᠯᠠᠨ ᠳᠤ ᠭᠠᠷᠴᠤ᠂ ᠠᠪᠤᠷᠠᠨ ᠬᠠᠮᠠᠭᠠᠯᠠᠭᠰᠠᠨ ᠬᠤᠶᠠᠷ ᠭᠡᠭᠡᠷ᠎ᠡ ᠶᠢᠨ ᠪᠦᠷᠬᠦᠳ ᠢ  ᠲᠠᠯ᠎ᠠ ᠨᠤᠳᠤᠭ  ᠲᠤᠨᠢ  ᠬᠠᠷᠢᠭᠤᠯᠤᠭᠰᠠᠨ  ᠪᠠᠶᠢᠯ᠎ᠠ  ᠃ ᠡᠨᠡ  ᠬᠤᠶᠠᠷ ᠪᠦᠷᠬᠦᠳ ᠤᠨ ᠨᠢᠬᠡ ᠶᠢ ᠨᠢ 2021 ᠣᠨ ᠤ 12 ᠰᠠᠷ᠎ᠠ ᠶᠢᠨ 22  ᠤᠨ ᠡᠳᠦᠷ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠲᠠᠶᠢᠹᠤᠰᠧ ᠬᠤᠰᠢᠭᠤᠨ ᠳᠠᠬᠢ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ  ᠲᠠᠯᠠᠪᠠᠢ ᠠᠴᠠ ᠤᠯᠵᠤ᠂  ᠨᠦᠬᠦᠬᠡ ᠶᠢ ᠨᠢ 2022 ᠣᠨ ᠤ 1 ᠰᠠᠷ᠎ᠠ ᠶᠢᠨ 23  ᠤ ᠡᠳᠦᠷ ᠶᠦᠩ  ᠪᠠᠯᠭᠠᠰᠤᠨ ᠤ ᠾᠧᠦ ᠹᠠᠩ ᠽᠢ ᠲᠣᠰᠬᠤᠨ ᠠᠴᠠ ᠤᠯᠵᠤ ᠠᠪᠤᠷᠠᠭᠰᠠᠨ ᠪᠠᠶᠢᠵᠠᠢ᠃  ᠠᠪᠤᠷᠠᠨ  ᠬᠠᠮᠠᠭᠠᠯᠠᠬᠤ ᠰᠠᠭᠤᠷᠢᠨ ᠭᠠᠵᠠᠷ ᠲᠤ 7 ᠰᠠᠷ᠎ᠠ ᠰᠢᠬᠠᠮ ᠤᠨ ᠨᠠᠷᠢᠨ ᠨᠢᠮᠪᠠᠢ  ᠡᠮᠨᠡᠯᠬᠡ ᠵᠠᠰᠠᠯᠭ᠎ᠠ ᠪᠠ ᠬᠡᠭᠡᠷ᠎ᠡ ᠶᠢᠨ ᠪᠣᠯᠪᠠᠰᠤᠷᠠᠯ ᠬᠢᠬᠦ ᠪᠠᠷ ᠲᠠᠮᠵᠢᠭᠠᠳ  ᠤᠳᠤ ᠲᠠᠮᠢᠷ ᠲᠡᠩᠬᠡᠭᠡ ᠤᠷᠤᠵᠤ᠂  ︽ᠭᠡᠷ ᠲᠡᠭᠡᠨ ᠬᠠᠷᠢᠬᠤ︾ ᠨᠥᠬᠦᠴᠡᠯ ᠳᠤ  ᠬᠦᠷᠦᠭᠰᠡᠨ ᠪᠠᠶᠢᠨ᠎ᠠ᠃ ᠪᠦᠷᠭᠦᠳ ᠪᠤᠯ ᠤᠯᠤᠰ ᠤᠨ ᠨᠢᠭᠡᠳᠦᠭᠡᠷ ᠳᠡᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ   ᠶᠢᠨ ᠠᠮᠢᠲᠠᠨ ︵ᠮᠥᠬᠦᠬᠦ ᠰᠢᠬᠠᠭᠰᠠᠨ︶ ᠪᠠᠶᠢᠵᠤ᠂ ᠭᠤᠣᠯᠳᠠᠭᠤ  ᠠᠭᠤᠯᠠ  ᠬᠠᠶᠢᠷᠬᠠᠨ᠂ ᠲᠠᠯ᠎ᠠ  ᠭᠤᠪᠢ ᠪᠠᠷ  ᠨᠤᠳᠤᠭᠰᠢᠨ᠂  ᠬᠤᠯᠤᠭᠠᠨ᠎ᠠ᠂  ᠲᠠᠤᠯᠠᠢ᠂ ᠮᠣᠭᠠᠢ ᠪᠠ ᠰᠢᠪᠠᠭᠤᠨ ᠤ ᠲᠥᠷᠥᠯ ᠵᠡᠷᠭᠡ ᠵᠢᠵᠢᠭ ᠰᠡᠭᠡᠷᠲᠡᠨ ᠠᠮᠢᠲᠠᠨ ᠢᠶᠠᠷ ᠢᠳᠡᠰᠢ ᠪᠣᠯᠭᠠᠳᠠᠭ  ᠮᠢᠬᠠᠴᠢᠨ ᠠᠮᠢᠳᠠᠨ ᠪᠤᠯᠤᠨ᠎ᠠ  ᠃  ᠡᠨᠡ ᠤᠳᠠᠭᠠᠨ ᠤ  ᠭᠡᠭᠡᠷ᠎ᠡ ᠶᠢᠨ ᠪᠦᠷᠬᠦᠳ ᠢ ᠲᠠᠯ᠎ᠠ ᠨᠤᠳᠤᠭ ᠲᠤᠨᠢ ᠬᠠᠷᠢᠭᠤᠯᠬᠤ ᠠᠵᠢᠯᠯᠠᠭ᠎ᠠ ᠨᠢ ᠣᠯᠠᠨ ᠲᠦᠮᠡᠨ ᠤ ᠪᠠᠶᠢᠭᠠᠯᠢ ᠤᠷᠴᠢᠨ ᠢᠶᠠᠨ ᠬᠠᠶᠢᠷᠠᠯᠠᠬᠤ᠂ ᠠᠮᠢ ᠠᠬᠤᠢ  ᠪᠠᠨ ᠬᠠᠮᠠᠭᠠᠯᠠᠬᠤ᠂ ᠬᠡᠭᠡᠷ᠎ᠡ ᠶᠢᠨ ᠠᠮᠢᠲᠠᠨ ᠢ ᠬᠠᠯᠠᠮᠵᠢᠯᠠᠬᠤ ᠬᠠᠯᠠᠭᠤᠨ ᠰᠡᠳᠬᠢᠯᠭᠡ ᠶᠢ ᠬᠦᠭᠵᠢᠬᠡᠵᠡᠢ᠃  ᠲᠠᠷᠠᠭᠠᠴᠢ ᠶᠢᠨ ᠠᠯᠬᠤᠮ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠯᠠᠨ ᠲᠦᠮᠡᠨ ᠪᠠ ᠰᠠᠶᠢᠨ ᠲᠤᠷᠠᠳᠠᠳ ᠢ ᠦᠷᠭᠦᠯᠵᠢᠯᠡᠨ ᠲᠠᠶᠢᠴᠢᠯᠠᠵᠤ᠂ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠡᠩᠨᠡᠭᠡ ᠳᠤ ᠢᠳᠡᠪᠬᠢᠲᠡᠢ  ᠤᠷᠤᠯᠴᠠᠭᠤᠯᠤᠨ᠂  ᠠᠷᠠᠳ ᠢᠷᠭᠡᠳ ᠤᠨ ᠠᠮᠢᠳᠠᠨ ᠵᠢᠬᠦᠷᠳᠡᠨ ᠢ ᠬᠠᠶᠢᠷᠠᠯᠠᠵᠤ ᠬᠠᠮᠠᠭᠠᠯᠠᠬᠤ ᠤᠬᠠᠮᠰᠠᠷ ᠢ ᠴᠢᠨᠠᠭᠰᠢᠳᠠ ᠲᠡᠭᠡᠭᠰᠢᠯᠡᠬᠦᠯᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号