ᠵᠢᠯ ᠪᠤᠯᠭᠠᠨ ᠨᠢᠭᠡ ᠤᠳᠠᠭ᠎ᠠ ᠡᠷᠡᠭᠦᠯ ᠮᠡᠨᠳᠤ ᠶᠢᠨ ᠪᠠᠶᠢᠴᠠᠭᠠᠯᠳᠠ ᠬᠢᠯᠭᠡᠵᠤ ᠪᠠᠶᠢᠭᠠᠷᠠᠢ
ᠨᠡᠶᠢᠲᠡᠯᠡᠭᠰᠡᠨ ᠴᠠᠭ᠄
2022/7/5
   ᠡᠷᠡᠭᠦᠯ ᠮᠡᠨᠳᠤ ᠶᠢᠨ ᠪᠠᠶᠢᠴᠠᠭᠠᠯᠳᠠ ᠪᠤᠯ ᠭᠦᠮᠦᠰ ᠤᠨ ᠡᠪᠡᠳᠴᠢᠨ ᠡᠮᠭᠡᠭ ᠢ ᠰᠡᠷᠭᠡᠶᠢᠯᠡᠭᠦ ᠪᠠ ᠪᠡᠶ᠎ᠡ ᠮᠠᠬᠠᠪᠤᠳ ᠤᠨ ᠠᠵᠢᠯᠯᠠᠭ᠎ᠠ ᠶᠢ ᠰᠠᠶᠢᠵᠢᠷᠠᠭᠤᠯᠬᠤ ᠶᠢᠨ ᠳᠤᠰᠠᠳᠠ ᠤᠬᠠᠮᠰᠠᠷ ᠠᠴᠠ ᠪᠠᠨ ᠭᠦᠳᠡᠯᠦᠩᠭᠦᠢ ᠪᠠᠷ ᠤᠴᠢᠵᠤ ᠭᠦᠯᠢᠶᠡᠨ ᠠᠪᠤᠭᠤᠰᠢᠳᠠᠢ ᠡᠪᠡᠳᠴᠢᠨ ᠢ ᠰᠡᠷᠭᠡᠶᠢᠯᠡᠭᠦ ᠪᠠ ᠡᠷᠡᠭᠦᠯ ᠮᠡᠨᠳᠤ ᠶᠢ ᠬᠠᠮᠠᠭᠠᠯᠠᠬᠤ ᠴᠢᠨᠠᠷᠳᠠᠢ ᠠᠨᠠᠭᠠᠬᠤ ᠤᠬᠠᠭᠠᠨ ᠤ ᠪᠠᠶᠢᠴᠠᠭᠠᠯᠳᠠ ᠪᠤᠯᠤᠨ᠎ᠠ᠃ ᠪᠠᠶᠢᠴᠠᠭᠠᠯᠳᠠ ᠨᠢ ᠭᠦᠮᠦᠨ ᠤ ᠪᠡᠶ᠎ᠡ ᠶᠢᠨ ᠡᠷᠡᠭᠦᠯ ᠮᠡᠨᠳᠤ ᠶᠢ ᠬᠠᠷᠰᠢᠯᠠᠨ ᠨᠦᠯᠦᠭᠡᠯᠡᠵᠤ ᠮᠡᠳᠡᠭᠦ ᠳᠠᠯᠳᠠ ᠭᠡᠮ ᠢ ᠴᠠᠭ ᠳᠤᠬᠠᠢ ᠳᠤᠨᠢ ᠤᠯᠵᠤ ᠮᠡᠳᠡᠨ᠂ ᠡᠪᠡᠳᠴᠢᠨ ᠡᠮᠭᠡᠭ ᠤᠴᠠᠷᠠᠭᠤᠯᠵᠤ ᠮᠡᠳᠡᠭᠦ ᠠᠶᠤᠯ ᠳᠦᠭᠰᠢᠭᠦᠷᠢ ᠶᠢᠨ ᠡᠯᠧᠮᠧᠨ᠋ᠲ ᠢ ᠴᠠᠭ ᠳᠤᠬᠠᠢ ᠳᠤᠨᠢ ᠠᠷᠢᠯᠭᠠᠳᠠᠭ᠃ ᠵᠢᠱᠢᠶᠡᠯᠡᠪᠡᠯ᠂ ᠴᠢᠰᠤᠨ ᠳᠠᠷᠤᠯᠳᠠ ᠦᠨᠳᠦᠷ᠂ ᠴᠢᠰᠤᠨ ᠦᠭᠡᠭᠦ ᠶᠡᠭᠡ᠂ ᠴᠢᠰᠤᠨ ᠤ ᠰᠢᠬᠢᠷ ᠠᠷᠪᠢᠨ ᠵᠢᠴᠢ ᠬᠤᠤᠷᠳᠤ ᠬᠠᠪᠤᠳᠠᠷ ᠵᠡᠷᠭᠡ ᠤᠳᠠᠭᠠᠨ ᠴᠢᠨᠠᠷᠳᠠᠢ ᠡᠪᠡᠳᠴᠢᠨ ᠨᠢ ᠨᠢᠭᠡᠨᠳᠡ ᠭᠦᠮᠦᠨ ᠪᠤᠯᠭᠠᠨ ᠤ ᠨᠡᠶᠢᠳᠡᠮ ᠮᠡᠳᠡᠳᠡᠭ ︽ᠳᠠᠭᠤ ᠦᠭᠡᠢ ᠬᠢᠳᠤᠭᠠᠴᠢ ︾ ᠪᠤᠯᠤᠭᠰᠠᠨ ᠪᠠᠶᠢᠳᠠᠭ ᠴᠦ ᠡᠳᠡᠭᠡᠷ ᠡᠪᠡᠳᠴᠢᠨ ᠨᠢ ᠡᠬᠢᠯᠡᠵᠤ ᠭᠦᠳᠡᠯᠭᠦ ᠦᠶ᠎ᠡ ᠳᠡᠭᠡᠨ ᠶᠡᠷᠦᠩᠭᠡᠢ ᠳᠡᠭᠡᠨ ᠪᠦᠷ ᠢᠯᠡ ᠳᠤᠪᠤᠶᠢᠮ᠎ᠠ ᠡᠪᠡᠳᠴᠢᠨ ᠤ ᠢᠯᠡᠷᠡᠯ ᠭᠠᠷᠳᠠᠭ ᠦᠭᠡᠢ ᠪᠤᠯᠬᠤᠷ ᠬᠢᠯᠪᠠᠷᠬᠠᠨ ᠰᠡᠷᠡᠵᠤ ᠮᠡᠳᠡᠳᠡᠭ ᠦᠭᠡᠢ ᠪᠢᠯᠡ᠃ ᠳᠤᠭᠳᠠᠭᠰᠠᠨ ᠬᠤᠭᠤᠴᠠᠭ᠎ᠠ ᠲᠠᠢ ᠪᠦᠭᠦ ᠳᠠᠯ᠎ᠠ ᠶᠢᠨ ᠡᠷᠡᠭᠦᠯ ᠮᠡᠨᠳᠤ ᠶᠢᠨ ᠪᠠᠶᠢᠴᠠᠭᠠᠯᠳᠠ ᠪᠠᠷ ᠳᠠᠮᠵᠢᠪᠠᠯ ᠰᠠᠶ᠋ᠢ ᠡᠪᠡᠳᠴᠢᠨ ᠡᠮᠭᠡᠭ ᠢ ᠡᠷᠳᠡ ᠠᠴᠠ ᠮᠡᠳᠡᠵᠤ᠂ ᠡᠷᠳᠡ ᠤᠨᠤᠰᠢᠯᠠᠭᠤᠯᠵᠤ᠂ ᠡᠷᠳᠡ ᠡᠮᠨᠡᠭᠦᠯᠵᠤ᠂ ᠵᠤᠪᠠᠭᠤᠷᠢ ᠪᠠᠭ᠎ᠠ ᠠᠮᠰᠠᠵᠤ᠂ ᠵᠤᠭᠤᠰ ᠢᠯᠡᠭᠦᠦ ᠠᠷᠪᠢᠯᠠᠬᠤ ᠵᠤᠷᠢᠯᠭ᠎ᠠ ᠳᠤ ᠭᠦᠷᠴᠤ ᠴᠢᠳᠠᠨ᠎ᠠ᠃ ᠳᠤᠭᠳᠠᠭᠰᠠᠨ ᠬᠤᠭᠤᠴᠠᠭ᠎ᠠ ᠲᠠᠢ ᠪᠦᠭᠦ ᠳᠠᠯ᠎ᠠ ᠶᠢᠨ ᠡᠷᠡᠭᠦᠯ ᠮᠡᠨᠳᠤ ᠶᠢᠨ ᠪᠠᠶᠢᠴᠠᠭᠠᠯᠳᠠ ᠬᠢᠯᠭᠡᠭᠦ ᠨᠢ ᠡᠷᠡᠭᠦᠯ ᠮᠡᠨᠳᠤ ᠪᠠᠨ ᠬᠠᠮᠠᠭᠠᠯᠠᠬᠤ ᠶᠢᠨ ᠴᠢᠬᠤᠯᠠ ᠠᠷᠭ᠎ᠠ ᠭᠡᠮᠵᠢᠶ᠎ᠡ ᠶᠢᠨ ᠨᠢᠭᠡ ᠪᠤᠯᠤᠨ᠎ᠠ᠃ ᠨᠠᠰᠤᠨ ᠳᠤ ᠭᠦᠷᠦᠭᠰᠡᠳ ᠵᠢᠯ ᠪᠤᠯᠭᠠᠨ ᠨᠢᠭᠡ ᠤᠳᠠᠭ᠎ᠠ ᠪᠡᠶ᠎ᠡ ᠮᠠᠬᠠᠪᠤᠳ ᠤᠨ ᠪᠠᠶᠢᠴᠠᠭᠠᠯᠳᠠ ᠬᠢᠯᠭᠡᠵᠤ ᠨᠢ ᠡᠷᠡᠭᠦᠯ ᠮᠡᠨᠳᠤ ᠪᠠᠨ ᠬᠠᠮᠠᠭᠠᠯᠠᠬᠤ ᠶᠢᠨ ᠴᠢᠬᠤᠯᠠ ᠠᠷᠭ᠎ᠠ ᠭᠡᠮᠵᠢᠶ᠎ᠡ ᠶᠢᠨ ᠨᠢᠭᠡ ᠪᠤᠯᠤᠨ᠎ᠠ᠃ ᠨᠠᠰᠤᠨ ᠳᠤ ᠭᠦᠷᠦᠭᠰᠡᠳ ᠵᠢᠯ ᠪᠤᠯᠭᠠᠨ ᠨᠢᠭᠡ ᠤᠳᠠᠭ᠎ᠠ ᠪᠡᠶ᠎ᠡ ᠮᠠᠬᠠᠪᠤᠳ ᠪᠠᠶᠢᠴᠠᠭᠠᠯᠳᠠ ᠬᠢᠯᠭᠡᠵᠤ ᠪᠠᠶᠢᠭᠠᠷᠠᠢ ᠭᠡᠵᠤ ᠳᠤᠰᠬᠠᠢ ᠮᠡᠷᠭᠡᠵᠢᠯᠳᠡᠳ ᠰᠠᠨᠠᠭᠤᠯᠤᠭᠰᠠᠨ ᠪᠠᠶᠢᠳᠠᠭ᠃ ᠡᠭᠦᠨ ᠤ ᠵᠡᠷᠭᠡ ᠳᠤ ᠪᠠᠰᠠ ᠪᠡᠶ᠎ᠡ ᠮᠠᠬᠠᠪᠤᠳ ᠪᠠᠶᠢᠴᠠᠭᠠᠭᠰᠠᠨ ᠳ᠋ᠦᠩ ᠢ ᠨᠠᠷᠢᠨ ᠬᠢᠨᠠᠮᠠᠭᠠᠢ ᠵᠠᠳᠠᠯᠤᠨ ᠰᠢᠨᠵᠢᠯᠡᠵᠤ᠂ ᠬᠠᠳᠠᠭᠠᠯᠠᠨ ᠳᠠᠯᠪᠢᠵᠤ᠂ ᠭᠠᠷ ᠵᠠᠭᠤᠷ᠎ᠠ ᠭᠡᠷᠡᠭᠯᠡᠭᠦ ᠳᠤ ᠵᠤᠷᠢᠭᠤᠯᠤᠨ᠂ ᠳᠡᠭᠦᠨ ᠢᠶᠠᠷ ᠡᠷᠡᠭᠦᠯ ᠢ ᠬᠠᠮᠠᠭᠠᠯᠠᠬᠤ ᠴᠢᠬᠤᠯᠠ ᠡᠰᠢ ᠪᠠᠷᠢᠮᠳᠠ ᠪᠤᠯᠭᠠᠳᠠᠭ ᠪᠤᠯᠵᠠᠢ᠃    ᠨᠡᠶᠢᠭᠡᠮ ᠤᠨ ᠠᠮᠢᠳᠤᠷᠠᠯ ᠳᠤᠮᠳᠠ ᠴᠦ ᠭᠡᠰᠡᠨ᠂ ᠮᠠᠰᠢ ᠤᠯᠠᠨ ᠳᠤᠬᠢᠶᠠᠯᠳᠤᠯ ᠳᠤᠤᠷ᠎ᠠ ᠮᠦᠨ ᠭᠦ ᠡᠷᠡᠭᠦᠯ ᠮᠡᠨᠳᠤ ᠶᠢᠨ ᠪᠠᠶᠢᠴᠠᠭᠠᠯᠳᠠ ᠬᠢᠭᠦ ᠴᠢᠬᠤᠯᠠᠳᠠᠢ ᠪᠤᠯᠳᠠᠭ᠃ ᠶᠡᠷᠦ ᠶᠢᠨ ᠪᠠᠶᠢᠳᠠᠯ ᠳᠤ᠂ ᠨᠡᠶᠢᠭᠡᠮ ᠤᠨ ᠴᠢᠨᠠᠷᠳᠠᠢ ᠪᠡᠶ᠎ᠡ ᠮᠠᠬᠠᠪᠤᠳ ᠤᠨ ᠪᠠᠶᠢᠴᠠᠭᠠᠯᠳᠠ ᠬᠢᠭᠦ ᠨᠢ ᠵᠠᠷᠢᠮ ᠠᠵᠢᠯ ᠳᠦᠷᠦᠯ ᠤᠨ ᠬᠤᠷᠢᠭ᠎ᠠ ᠴᠡᠭᠡᠷ ᠤᠨ ᠭᠡᠷᠡᠴᠢ ᠤᠯᠬᠤ ᠪᠤᠶᠤ ᠵᠠᠷᠢᠮ ᠭᠦᠮᠦᠰ ᠤᠨ ᠬᠠᠯᠳᠠᠪᠤᠷᠢᠳᠤ ᠡᠪᠡᠳᠴᠢᠨ᠂ ᠤᠳᠤᠮᠰᠢᠯ ᠤᠨ ᠡᠪᠡᠳᠴᠢᠨ ᠲᠠᠢ ᠡᠰᠡᠭᠦ ᠶᠢ ᠳᠤᠳᠤᠯᠠᠬᠤ ᠳᠤ ᠵᠤᠷᠢᠭᠤᠯᠤᠭᠳᠠᠭᠰᠠᠨ ᠪᠠᠶᠢᠳᠠᠭ᠂ ᠡᠨᠡ ᠪᠤᠯ ᠳᠡᠳᠡᠨ ᠤ ᠭᠡᠪ ᠤᠨ ᠪᠠᠶᠢᠳᠠᠯ ᠲᠠᠢ ᠪᠠᠷ ᠠᠵᠢᠯᠯᠠᠵᠤ ᠠᠮᠢᠳᠤᠷᠠᠬᠤ ᠶᠢ ᠪᠠᠳᠤᠯᠠᠬᠤ ᠶᠢᠨ ᠳᠦᠯᠦᠭᠡ ᠠᠪᠤᠭᠰᠠᠨ ᠴᠢᠬᠤᠯᠠ ᠠᠷᠭ᠎ᠠ ᠭᠡᠮᠵᠢᠶ᠎ᠡ ᠪᠤᠯᠤᠨ᠎ᠠ᠃ ᠰᠤᠷᠤᠭᠴᠢ ᠡᠯᠰᠡᠭᠦ᠂ ᠠᠵᠢᠯᠴᠢᠨ ᠡᠯᠰᠡᠭᠦ᠂ ᠠᠯᠪᠠᠳᠠᠨ ᠤᠷᠢᠬᠤ᠂ ᠴᠡᠷᠢᠭ ᠡᠯᠰᠡᠭᠦ ᠵᠡᠷᠭᠡ ᠳᠤ ᠪᠡᠶ᠎ᠡ ᠮᠠᠬᠠᠪᠤᠳ ᠤᠨ ᠪᠠᠶᠢᠴᠠᠭᠠᠯᠳᠠ ᠬᠢᠭᠦ ᠪᠤᠯ ᠳᠤᠳᠠᠭᠳᠠᠵᠤ ᠪᠤᠯᠤᠰᠢ ᠦᠭᠡᠢ ᠨᠢᠭᠡᠨ ᠶᠠᠪᠤᠴᠠ ᠪᠤᠯᠵᠤ ᠪᠠᠶᠢᠳᠠᠭ᠃ ᠪᠡᠶ᠎ᠡ ᠮᠠᠬᠠᠪᠤᠳ ᠤᠨ ᠪᠠᠶᠢᠴᠠᠭᠠᠯᠳᠠ ᠨᠢ ᠰᠢᠨ᠎ᠡ ᠢᠷᠡᠭᠰᠡᠨ ᠰᠤᠷᠤᠭᠴᠢ᠂ ᠰᠢᠨ᠎ᠡ ᠡᠯᠰᠡᠭᠰᠡᠨ ᠴᠡᠷᠢᠭ ᠪᠠ ᠰᠢᠨ᠎ᠡ ᠪᠠᠷ ᠤᠷᠢᠭᠰᠠᠨ ᠭᠦᠮᠦᠰ ᠤᠨ ᠰᠢᠨ᠎ᠡ ᠤᠷᠴᠢᠨ ᠳᠤᠭᠤᠷᠢᠨ᠂ ᠰᠢᠨ᠎ᠡ ᠠᠵᠢᠯ ᠰᠤᠷᠤᠯᠭ᠎ᠠ ᠲᠠᠢ ᠪᠠᠨ ᠳᠠᠰᠤᠯᠴᠠᠬᠤ ᠳᠤ ᠳᠤᠰᠠ ᠳᠡᠮᠵᠢᠯᠭᠡ ᠪᠤᠯᠳᠠᠭ ᠢᠶᠠᠷ ᠪᠠᠷᠠᠬᠤ ᠦᠭᠡᠢ᠂ ᠡᠳᠡᠭᠡᠷ ᠠᠵᠢᠯ ᠤᠨ ᠪᠠᠶᠢᠷᠢ ᠳᠤ ᠦᠯᠦ ᠵᠤᠬᠢᠴᠠᠬᠤ ᠭᠦᠮᠦᠰ ᠢ ᠴᠦ ᠪᠠᠰᠠ ᠰᠢᠭᠰᠢᠨ ᠭᠠᠷᠭᠠᠵᠤ ᠳᠡᠶᠢᠯᠳᠡᠭ᠃ ᠬᠢᠯᠢ ᠪᠠᠷ ᠨᠡᠪᠳᠡᠷᠡᠭᠦ᠂ ᠢᠳᠡᠭᠡᠨ ᠤᠮᠳᠠᠭᠠᠨ ᠤ ᠬᠠᠮᠢᠶᠠᠳᠠᠢ ᠪᠤᠶᠤ ᠤᠯᠠᠨ ᠨᠡᠶᠢᠳᠡ ᠶᠢᠨ ᠳᠠᠯᠠᠪᠤᠷ ᠲᠤ ᠠᠵᠢᠯᠯᠠᠵᠤ ᠪᠠᠶᠢᠭ᠎ᠠ ᠠᠵᠢᠯᠳᠠᠳ ᠲᠤ ᠪᠡᠶ᠎ᠡ ᠮᠠᠬᠠᠪᠤᠳ ᠤᠨ ᠪᠠᠶᠢᠴᠠᠭᠠᠯᠳᠠ ᠬᠢᠭᠦ ᠨᠢ ᠳᠡᠳᠡᠨ ᠤ ᠳᠤᠳᠤᠷᠠᠬᠢ ᠬᠠᠯᠳᠠᠪᠤᠷᠢᠳᠤ ᠡᠪᠡᠳᠴᠢᠨ ᠲᠠᠢ ᠭᠦᠮᠦᠨ ᠢ ᠴᠠᠭ ᠳᠤᠬᠠᠢ ᠳᠤᠨᠢ ᠳᠤᠳᠤᠯᠠᠨ ᠮᠡᠳᠡᠵᠤ᠂ ᠡᠪᠡᠳᠴᠢᠨ ᠤ ᠴᠢᠨᠠᠭᠰᠢ ᠬᠠᠯᠳᠠᠪᠤᠷᠢᠯᠠᠨ ᠳᠦᠭᠡᠭᠦ ᠶᠢ ᠬᠢᠵᠠᠭᠠᠷᠯᠠᠨ ᠬᠤᠷᠢᠵᠤ᠂ ᠬᠠᠯᠳᠠᠪᠤᠷᠢᠯᠠᠵᠤ ᠮᠡᠳᠡᠭᠦ ᠵᠠᠮ ᠱᠤᠭᠤᠮ ᠤᠳ ᠨᠢ ᠲᠠᠰᠤᠯᠤᠨ ᠬᠠᠶᠠᠬᠤ ᠴᠢᠬᠤᠯᠠ ᠠᠷᠭ᠎ᠠ ᠭᠡᠮᠵᠢᠶ᠎ᠡ ᠪᠤᠯᠤᠨ᠎ᠠ᠃ ᠮᠦᠨ ᠴᠦ ᠪᠠᠶᠢᠴᠠᠭᠠᠯᠳᠠ ᠪᠠᠷ ᠳᠠᠮᠵᠢᠨ ᠡᠪᠡᠳᠴᠢᠳᠡᠨ ᠢ ᠰᠢᠯᠵᠢᠭᠦᠯᠵᠤ ᠨᠡᠶᠢᠭᠡᠮ ᠤᠨ ᠭᠦᠮᠦᠰ ᠲᠤ ᠬᠠᠯᠳᠠᠪᠤᠷᠢᠯᠠᠬᠤ ᠠᠴᠠ ᠵᠠᠶᠢᠯᠠᠰᠬᠢᠵᠤ ᠴᠢᠳᠠᠨ᠎ᠠ᠃ ᠡᠭᠦᠨ ᠤ ᠵᠡᠷᠭᠡ ᠳᠤ ᠪᠠᠰᠠ ᠪᠡᠶ᠎ᠡ ᠮᠠᠬᠠᠪᠤᠳ ᠢᠶᠠᠨ ᠪᠠᠶᠢᠴᠠᠭᠠᠯᠭᠠᠭᠴᠢ ᠶᠢᠨ ᠳᠤᠰ ᠪᠡᠶ᠎ᠡ ᠶᠢᠨ ᠡᠷᠡᠭᠦᠯ ᠮᠡᠨᠳᠤ ᠶᠢ ᠪᠠᠳᠤᠯᠠᠵᠤ ᠳᠡᠶᠢᠯᠳᠡᠭ᠃ ᠠᠵᠢᠯ ᠮᠡᠷᠭᠡᠵᠢᠯ ᠤᠨ ᠰᠢᠯᠳᠠᠭᠠᠨ ᠠᠴᠠ ᠪᠤᠯᠵᠤ ᠮᠡᠳᠡᠭᠦ ᠠᠶᠤᠯᠳᠠᠢ ᠵᠦᠢᠯ ᠢ ᠭᠠᠷᠳᠠᠨ ᠬᠢᠵᠤ ᠪᠠᠶᠢᠬᠤ ᠪᠤᠶᠤ ᠳᠡᠭᠦᠨ ᠲᠠᠢ ᠵᠤᠯᠭᠠᠨ ᠭᠦᠷᠦᠯᠴᠡᠵᠤ ᠪᠠᠶᠢᠭ᠎ᠠ ᠭᠦᠮᠦᠰ ᠲᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠠᠵᠢᠯ ᠤᠨ ᠴᠢᠨᠠᠷᠳᠠᠢ ᠡᠷᠡᠭᠦᠯ ᠮᠡᠨᠳᠤ ᠶᠢᠨ ᠪᠠᠶᠢᠴᠠᠭᠠᠯᠳᠠ ᠬᠢᠭᠦ ᠭᠡᠷᠡᠭᠳᠠᠢ ᠪᠠᠷ ᠪᠠᠷᠠᠬᠤ ᠦᠭᠡᠢ᠂ ᠠᠵᠢᠯ ᠤᠨ ᠪᠠᠶᠢᠷᠢ ᠳᠤ ᠭᠠᠷᠤᠭᠰᠠᠨ ᠤ ᠬᠢᠨᠢ ᠰᠡᠭᠦᠯᠡᠷ ᠴᠦ ᠳᠤᠭᠳᠠᠭᠰᠠᠨ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ ᠪᠠᠶᠢᠴᠠᠭᠠᠯᠳᠠ ᠬᠢᠵᠤ ᠦᠭᠭᠦ ᠬᠡᠷᠡᠭᠳᠠᠢ ᠃ ᠢᠩᠬᠢᠪᠡᠯ ᠠᠵᠢᠯ ᠤᠨ ᠨᠦᠯᠦᠭᠡᠨ ᠤ ᠡᠪᠡᠳᠴᠢᠨ ᠢ ᠡᠷᠳᠡ ᠠᠴᠠ ᠮᠡᠳᠡᠵᠤ᠂ ᠴᠠᠭ ᠳᠤᠬᠠᠢ ᠳᠤᠨᠢ ᠰᠢᠢᠳᠪᠦᠷᠢᠯᠡᠭᠦ ᠪᠤᠶᠤ ᠰᠡᠷᠭᠡᠶᠢᠯᠡᠵᠤ ᠪᠤᠯᠳᠠᠭ᠃ ᠤᠷᠤᠯᠠᠬᠤ ᠠᠴᠠ ᠪᠠᠨ ᠡᠮᠦᠨ᠎ᠡ ᠡᠷᠡᠭᠦᠯ ᠮᠡᠨᠳᠤ ᠶᠢᠨ ᠪᠠᠶᠢᠴᠠᠭᠠᠯᠳᠠ ᠬᠢᠯᠭᠡᠪᠡᠯ ᠬᠤᠯᠪᠤᠰᠤ ᠬᠤᠶᠠᠭᠤᠯᠠ ᠶᠢᠨ ᠠᠯᠢ ᠨᠢᠭᠡᠨ ᠳᠤᠨᠢ ᠤᠳᠤᠮᠰᠢᠯ ᠤᠨ ᠡᠪᠡᠳᠴᠢᠨ᠂ ᠬᠠᠯᠳᠠᠪᠤᠷᠢᠳᠤ ᠡᠪᠡᠳᠴᠢᠨ ᠪᠤᠯᠤᠨ ᠪᠤᠰᠤᠳ ᠵᠦᠢᠯ ᠤᠨ ᠤᠷᠤᠭᠯᠠᠬᠤ ᠪᠠᠨ ᠬᠤᠶᠢᠰᠢᠯᠠᠭᠤᠯᠬᠤ ᠪᠤᠶᠤ ᠤᠷᠤᠭᠯᠠᠬᠤ ᠪᠠᠨ ᠪᠤᠯᠢᠬᠤ ᠭᠡᠷᠡᠭᠳᠠᠢ ᠡᠪᠡᠳᠴᠢᠨ ᠪᠠᠶᠢᠬᠤ ᠡᠰᠡᠭᠦ ᠶᠢ ᠳᠤᠳᠤᠯᠠᠨ ᠮᠡᠳᠡᠵᠤ ᠳᠡᠶᠢᠯᠳᠡᠭ ᠪᠤᠯᠬᠤᠷ ᠡᠭᠦᠨ ᠢ ᠤᠷᠤᠭᠯᠠᠭᠰᠠᠨ ᠤ ᠬᠤᠶᠢᠨᠠᠬᠢ ᠭᠡᠷ ᠪᠦᠯᠢ ᠶᠢᠨ ᠵᠤᠯ ᠵᠢᠷᠭᠠᠯ᠂ ᠤᠷᠤᠭ ᠬᠤᠷᠢᠮ ᠤᠨ ᠪᠦᠷᠢᠨ ᠳᠡᠭᠦᠰ᠂ ᠬᠤᠶᠢᠴᠢ ᠦᠶ᠎ᠡ ᠶᠢᠨ ᠬᠢᠨᠢ ᠤᠳᠤᠮᠰᠢᠯ ᠤᠨ ᠴᠢᠨᠠᠷᠳᠠᠢ ᠡᠪᠡᠳᠴᠢᠨ ᠦᠭᠡᠢ ᠪᠠᠶᠢᠬᠤ ᠪᠤᠯᠤᠨ ᠭᠦᠮᠦᠨ ᠠᠮᠠ ᠶᠢᠨ ᠤᠤᠷ ᠴᠢᠨᠠᠷ ᠢ ᠳᠡᠭᠡᠭᠰᠢᠯᠡᠭᠦᠯᠭᠦ ᠶᠢ ᠪᠠᠳᠤᠯᠠᠵᠤ ᠪᠤᠯᠬᠤᠶᠢᠴᠠ ᠴᠢᠬᠤᠯᠠ ᠠᠷᠭ᠎ᠠ ᠪᠠᠷᠢᠯ ᠢᠶᠠᠷ ᠦᠵᠡᠭᠦ ᠭᠡᠷᠡᠭᠳᠠᠢ᠃    ᠡᠭᠦᠨ ᠠᠴᠠ ᠭᠠᠳᠠᠨ᠎ᠠ᠂ ᠡᠷᠡᠭᠦᠯ ᠮᠡᠨᠳᠤ ᠶᠢᠨ ᠪᠠᠶᠢᠴᠠᠭᠠᠯᠳᠠ ᠪᠠᠷ ᠳᠠᠮᠵᠢᠨ ᠪᠠᠰᠠ ᠶᠡᠭᠡ ᠭᠡᠮᠵᠢᠶᠡᠨ ᠤ ᠮᠠᠲ᠋ᠧᠷᠢᠶᠠᠯ ᠢ ᠴᠤᠭᠯᠠᠭᠤᠯᠤᠨ ᠤᠯᠵᠤ ᠪᠤᠯᠳᠠᠭ᠃ ᠡᠷᠡᠭᠦᠯ ᠬᠠᠮᠠᠭᠠᠯᠠᠯ ᠤᠨ ᠳᠤᠰᠬᠠᠢ ᠠᠵᠢᠯᠳᠠᠳ ᠶᠠᠮᠠᠷ ᠨᠢᠭᠡ ᠭᠠᠵᠠᠷ ᠤᠷᠤᠨ ᠤ ᠠᠯᠢ ᠨᠢᠭᠡ ᠪᠦᠯᠦᠭ ᠭᠦᠮᠦᠰ ᠤᠨ ᠡᠷᠡᠭᠦᠯ ᠮᠡᠨᠳᠤ ᠶᠢᠨ ᠪᠠᠶᠢᠳᠠᠯ ᠪᠤᠯᠤᠨ ᠡᠪᠡᠳᠴᠢᠨ ᠡᠮᠭᠡᠭ ᠤᠨ ᠡᠭᠦᠰᠴᠤ ᠳᠡᠯᠭᠡᠷᠡᠵᠤ ᠪᠠᠶᠢᠬᠤ ᠬᠠᠨᠳᠤᠰᠢ ᠶᠢ ᠪᠦᠷᠢᠳᠭᠡᠨ ᠰᠢᠨᠵᠢᠯᠡᠭᠦ ᠪᠠᠷ ᠳᠠᠮᠵᠢᠨ᠂ ᠡᠷᠡᠭᠦᠯ ᠬᠠᠮᠠᠭᠠᠯᠠᠯ ᠤᠨ ᠳᠠᠯ᠎ᠠ ᠶᠢᠨ ᠳᠦᠷᠦ ᠶᠢᠨ ᠪᠤᠳᠤᠯᠭ᠎ᠠ᠂ ᠬᠠᠤᠯᠢ ᠳᠦᠷᠢᠮ ᠵᠡᠷᠭᠡ ᠶᠢ ᠳᠤᠭᠳᠠᠭᠠᠬᠤ ᠳᠤ ᠰᠢᠨᠵᠢᠯᠡᠭᠦᠳ ᠤᠬᠠᠭᠠᠨᠴᠢ ᠭᠡᠷᠡᠴᠢ ᠪᠠᠷᠢᠮᠳᠠ ᠶᠢ ᠤᠯᠭᠤᠨ ᠦᠭᠴᠤ ᠳᠡᠶᠢᠯᠳᠡᠭ᠃ ᠪᠠᠭᠴᠠᠯᠠᠭᠠᠳ ᠭᠡᠯᠡᠪᠡᠯ᠂ ᠳᠤᠭᠳᠠᠭᠰᠠᠨ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ ᠪᠠᠶᠢᠴᠠᠭᠠᠯᠳᠠ ᠬᠢᠭᠦ ᠶᠢ ᠭᠦᠴᠦ ᠪᠠᠭ᠎ᠠ ᠪᠦᠷᠢᠯᠭᠡᠵᠤ ᠠᠮᠵᠢᠯᠳᠠ ᠢᠯᠡᠭᠦᠦ ᠤᠯᠬᠤ ᠠᠰᠢᠭᠳᠠᠢ ᠶᠠᠪᠤᠳᠠᠯ ᠳᠤ ᠳᠤᠭᠠᠴᠠᠵᠤ ᠪᠤᠯᠤᠨ᠎ᠠ᠃
 
ᠢᠷᠡᠯᠲᠡ᠄ ᠠᠷᠠᠳ‌‍ᠦᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号