ᠬᠤᠶᠢᠰᠢᠳᠠ ᠶᠢᠨ ᠲᠠᠪᠤᠨ ᠵᠢᠯ ᠤᠨ ᠭᠤᠤᠯᠳᠠᠯᠭ᠎ᠠ ᠲᠠᠢ ᠠᠵᠢᠯ ᠡᠬᠦᠷᠭᠡ ( ᠲᠠᠪᠤ )
ᠨᠡᠶᠢᠲᠡᠯᠡᠭᠰᠡᠨ ᠴᠠᠭ᠄
2022/7/5
    ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠵᠦ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠬᠠᠩᠭᠠᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠭᠡᠷᠡᠭᠳᠡᠢ᠃ ᠠᠷᠠᠳ ᠤᠨ ᠠᠮᠢᠳᠤᠷᠠᠯ ᠳᠠᠬᠢ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠬᠤᠪᠢ ᠶᠢᠨ ᠵᠢᠩ ᠢ 85% ᠠᠴᠠ ᠳᠡᠭᠡᠭᠰᠢ ᠪᠠᠶᠢᠯᠭᠠᠨ᠂  ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠴᠢᠩᠭᠠᠳᠬᠠᠵᠤ᠂ ᠠᠵᠢᠯ ᠣᠯᠭᠤᠯᠲᠠ ᠶᠢ ᠳᠡᠮᠵᠢᠬᠦ ᠴᠢᠨᠠᠷᠲᠠᠶ ᠲᠥᠷᠥ ᠶᠢᠨ ᠪᠣᠳᠣᠯᠭ᠎ᠠ ᠶᠢ ᠭᠦᠶᠴᠡᠳ ᠰᠠᠶᠢᠨ ᠬᠡᠷᠡᠭᠯᠡᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4 % ᠳᠣᠲᠣᠷ᠎ᠠ ᠬᠢᠵᠠᠭᠠᠷᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠠᠰᠤᠵᠢᠯ ᠤᠨ ᠳᠠᠭᠠᠳᠬᠠᠯ᠂ ᠡᠮᠨᠡᠯᠬᠡ ᠶᠢᠨ ᠳᠠᠭᠠᠳᠬᠠᠯ ᠳᠤ ᠤᠷᠤᠬᠤ ᠶᠣᠰᠣᠲᠠᠶ ᠶᠢ ᠨᠢ ᠪᠦᠬᠦᠨ ᠢ ᠤᠷᠤᠭᠤᠯᠤᠨ᠂ ᠨᠠᠭᠠᠳᠤ ᠵᠠᠬ᠎ᠠ  ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠤᠨ ᠬᠠᠷᠠᠭᠠᠯᠵᠠᠯ᠂ ᠲᠦᠷ ᠴᠠᠭ ᠤᠨ ᠲᠤᠰᠠᠯᠠᠮᠵᠢ ᠵᠡᠷᠭᠡ ᠠᠷᠭ᠎ᠠ ᠲᠦᠷᠢᠮ ᠢ ᠲᠡᠭᠦᠯᠳᠡᠷᠵᠢᠭᠦᠯᠵᠦ᠂ ᠵᠡᠮᠳᠡᠭᠴᠦᠳ᠂ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ᠂ ᠡᠮᠡᠭᠲᠡᠶᠢᠴᠦᠳ ᠪᠠ ᠬᠡᠦᠬᠡᠳ ᠪᠠᠭᠠᠴᠤᠳ ᠵᠡᠷᠭᠡ ᠣᠨᠴᠣᠭᠤᠶ ᠬᠥᠮᠦᠰ ᠢ ᠬᠠᠶᠢᠷᠠᠯᠠᠨ ᠬᠠᠯᠠᠮᠵᠢᠯᠠᠬᠤ ᠠᠵᠢᠯ ᠢ ᠰᠠᠶᠢᠲᠤᠷ ᠬᠢᠨ᠎ᠠ᠃ ᠣᠷᠣᠨ ᠰᠠᠭᠤᠴᠠ ᠶᠢᠨ ᠪᠠᠳᠤᠯᠠᠭᠠᠨ ᠤ ᠲᠦᠷᠢᠮ ᠢ ᠲᠡᠬᠦᠯᠳᠡᠷᠵᠢᠬᠦᠯᠦᠨ ᠂ ᠪᠠᠳᠤᠯᠠᠭᠠᠨ ᠤ ᠴᠢᠨᠠᠷᠲᠠᠢ ᠣᠷᠣᠨ ᠰᠠᠭᠤᠴᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠷᠢᠵᠤ ᠤᠷᠤᠭᠤᠯᠤᠭᠰᠠᠨ ᠴᠢᠳᠠᠪᠤᠷᠢᠲᠠᠨ ᠨᠠᠷ ᠲᠤ ᠲᠦᠷ ᠭᠡᠷᠡᠭᠯᠡᠬᠦ ᠤᠷᠤᠨ ᠰᠠᠭᠤᠴᠠ ᠬᠠᠩᠭᠠᠨ᠎ᠠ᠃ ᠬᠥᠮᠦᠨ ᠠᠮᠠ ᠶᠢᠨ ᠨᠠᠰᠤᠵᠢᠯ ᠤᠨ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠪᠦᠳᠦᠬᠦᠯᠢᠭ ᠵᠠᠩ ᠳᠠᠳᠬᠠᠯ ᠤᠨ ᠦᠬᠡᠷᠡᠴᠢᠯᠡᠯᠳᠡ ᠪᠠ ᠣᠷᠣᠰᠢᠭᠤᠯᠭ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠡᠷᠭᠡ ᠳᠤᠨᠢ ᠠᠬᠢᠭᠤᠯᠬᠤ ᠶᠢ ᠪᠠᠷᠢᠮᠲᠠᠯᠠᠵᠤ᠂ ᠣᠷᠣᠰᠢᠭᠤᠯᠭ᠎ᠠ ᠶᠢᠨ ᠦᠢᠯᠡ ᠠᠵᠢᠯᠯᠠᠭ᠎ᠠ ᠶᠢ ᠴᠢᠩᠭ᠎ᠠ ᠲᠦᠷᠢᠮᠵᠢᠬᠦᠯᠦᠨ᠂ ᠲᠦᠷᠢᠮ ᠲᠣᠭᠲᠠᠭᠠᠯ ᠵᠦᠷᠢᠴᠡᠵᠦ ᠪᠠᠶᠢᠭᠤᠯᠤᠭᠰᠠᠨ ᠣᠩᠭᠤᠨ ᠪᠤᠯᠠᠰᠢ ᠶᠢ ᠴᠡᠭᠴᠡᠯᠡᠨ ᠵᠠᠰᠠᠬᠤ ᠠᠵᠢᠯ ᠢ ᠡᠷᠡᠰ ᠰᠠᠶᠢᠲᠤᠷ ᠠᠳᠬᠤᠨ᠎ᠠ᠃ ᠴᠢᠨᠠᠷ ᠰᠠᠶᠢᠲᠠᠢ ᠰᠤᠷᠭᠠᠨ ᠬᠥᠮᠦᠵᠢᠯ ᠢ ᠶᠡᠬᠡᠪᠡᠷ ᠬᠦᠭᠵᠢᠬᠦᠯᠬᠦ ᠭᠡᠷᠡᠭᠳᠡᠢ᠃ ᠰᠤᠷᠭᠠᠨ ᠬᠥᠮᠦᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 《 ᠬᠤᠶᠠᠷ ᠢ ᠪᠠᠭᠠᠰᠬᠠᠬᠤ 》 ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠰᠣᠶᠣᠯ ᠭᠡᠭᠡᠷᠡᠯ ᠢ ᠡᠷᠬᠢᠮᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠢᠨ᠎ᠡ ᠰᠤᠷᠲᠠᠯ ᠢ ᠪᠠᠳᠠᠷᠠᠭᠤᠯᠵᠤ᠂ ᠰᠤᠷᠭᠠᠭᠤᠯᠢ᠂ ᠬᠡᠷ ᠪᠦᠯᠢ᠂ ᠨᠡᠶᠢᠭᠡᠮ ᠭᠤᠷᠪᠠᠨ ᠲᠠᠯ᠎ᠠ ᠠᠴᠠ ᠬᠠᠮᠵᠢᠯᠴᠠᠭᠰᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠰᠤᠷᠭᠠᠭᠤᠯᠢ ᠡᠷᠬᠢᠯᠡᠬᠦ ᠦᠨᠳᠦᠰᠦᠨ ᠨᠥᠬᠦᠴᠡᠯ ᠢ ᠴᠢᠷᠮᠠᠶᠢᠨ ᠰᠠᠶᠢᠵᠢᠷᠠᠭᠤᠯᠵᠤ᠂ ᠪᠠᠭᠰᠢ ᠰᠤᠷᠤᠭᠴᠢᠳ ᠲᠤ ᠨᠡᠩ ᠰᠢᠯᠢᠳᠡᠭ ᠵᠢᠭᠠᠨ ᠰᠤᠷᠭᠠᠯᠳᠠ ᠶᠢᠨ ᠤᠷᠴᠢᠨ ᠨᠦᠬᠦᠴᠡᠯ ᠢ ᠬᠠᠩᠭᠠᠨ᠂ ᠪᠠᠭᠰᠢ ᠶᠢᠨ ᠡᠩᠨᠡᠭᠡ ᠶᠢ ᠲᠣᠭᠲᠠᠪᠤᠷᠢᠵᠢᠭᠤᠯᠵᠤ᠂ ᠠᠩᠬ᠎ᠠ ᠳᠤᠮᠳᠠᠳᠤ ᠶᠢᠨ ᠰᠤᠷᠤᠭᠴᠢ ᠶᠢᠨ ᠢᠷᠡᠯᠲᠡ  ᠶᠢ ᠲᠤᠭᠳᠠᠪᠤᠷᠢᠵᠢᠭᠤᠯᠤᠨ᠂ ᠠᠶᠢᠮᠠᠭ ᠤᠨ ᠳᠣᠲᠣᠨ᠎ᠠ ᠭᠠᠳᠠᠨᠠᠬᠢ ᠨᠡᠷᠡᠲᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠤᠷᠭᠠᠭᠤᠯᠢ ᠶᠢᠨ ᠪᠠᠭᠰᠢ ᠠᠵᠢᠯᠲᠠᠨ ᠤ ᠡᠩᠨᠡᠭᠡ ᠶᠢ ᠰᠢᠯᠢᠳᠡᠭᠵᠢᠬᠦᠯᠦᠨ ᠬᠦᠴᠦᠷᠭᠡᠭᠵᠢᠬᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠰᠠᠶᠢᠵᠢᠷᠠᠭᠤᠯᠤᠨ᠂ ᠰᠤᠷᠭᠠᠨ ᠬᠥᠮᠦᠵᠢᠯ ᠤᠨ 《 ᠪᠡᠶ᠎ᠡ ᠤᠷᠪᠠᠭ᠋ᠤ ᠳᠠᠶᠢᠨ 》 ᠤ ᠢᠯᠠᠯᠲᠠ ᠶᠢ ᠲᠡᠮᠡᠴᠡᠨ ᠣᠯᠵᠤ᠂ ᠲᠠᠶᠢᠹᠤᠰᠧ ᠬᠤᠰᠢᠭᠤᠨ ᠤ ᠪᠠᠨ ᠰᠤᠷᠭᠠᠨ ᠬᠥᠮᠦᠵᠢᠯ ᠤᠨ ᠰᠢᠨ᠎ᠡ ᠭᠡᠷᠡᠯ ᠭᠢᠯᠪᠠᠭ᠎ᠠ ᠶᠢ ᠢᠯᠡᠷᠡᠭᠦᠯᠦᠨ᠎ᠡ᠃ ᠡᠷᠡᠭᠦᠯ ᠡᠩᠬᠡ ᠲᠠᠶᠢᠹᠤᠰᠧ ᠬᠤᠰᠢᠭᠤ ᠶᠢ ᠲᠦᠷᠭᠡᠳᠬᠡᠨ ᠪᠠᠶᠢᠭᠤᠯᠬᠤ ᠭᠡᠷᠡᠭᠳᠡᠢ᠃ 《 ᠭᠤᠷᠪᠠᠨ ᠡᠮ ᠡᠮᠨᠡᠯᠭᠡ 》 ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠪᠠ ᠡᠮ ᠡᠮᠨᠡᠯᠭᠡ ᠶᠢᠨ ᠪᠠᠳᠤᠯᠠᠭᠠᠨ ᠤ ᠳᠦᠷᠢᠮ ᠢ ᠪᠦᠷᠢᠨᠰᠢᠬᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠱᠠᠲᠤ ᠬᠤᠪᠢᠶᠠᠵᠤ ᠣᠨᠣᠰᠢᠯᠠᠨ ᠡᠮᠨᠡᠬᠦ ᠰᠢᠰᠲ᠋ᠧᠮᠵᠢ ᠶᠢ ᠲᠡᠬᠦᠯᠳᠡᠷᠵᠢᠬᠦᠯᠦᠨ᠂ ᠪᠠᠴᠢᠮ ᠬᠡᠷᠡᠭᠰᠡᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠣᠨᠣᠰᠢᠯᠠᠨ ᠡᠮᠴᠢᠯᠡᠬᠦ ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠡᠷᠦᠩᠬᠡᠶ ᠰᠠᠯᠠᠭᠠᠨ ᠤ ᠡᠮᠴᠢ ᠪᠣᠯᠤᠨ ᠬᠥᠳᠡᠭᠡ ᠲᠣᠰᠬᠤᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠮᠣᠩᠭᠤᠯ ᠬᠢᠲᠠᠳ ᠡᠮ ᠡᠮᠨᠡᠯᠭᠡ ᠶᠢ ᠤᠯᠠᠮᠵᠢᠯᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ  ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠲᠡᠭᠡᠭᠰᠢᠯᠡᠬᠦᠯᠦᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠪᠠᠶᠢᠩᠭᠤ ᠶᠢᠨ ᠴᠢᠨᠠᠷᠳᠠᠢ ᠰᠠᠶᠢᠲᠤᠷ ᠠᠳᠬᠤᠨ᠎ᠠ᠃ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠠᠷᠠᠳ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠲᠡᠯᠬᠡᠷᠡᠬᠦᠯᠦᠨ᠂ ᠥᠪᠡᠷᠲᠡᠭᠡᠨ ᠵᠠᠰᠠᠬᠤ ᠣᠷᠣᠨ ᠤ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ᠎ᠡ᠃ ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠦᠭᠵᠢᠬᠦᠯᠬᠦ ᠭᠡᠷᠡᠭᠳᠡᠢ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ  ᠶᠢ ᠶᠡᠬᠡᠪᠡᠷ ᠦᠢᠯᠡᠳᠦᠯᠭᠡᠵᠢᠭᠦᠯᠵᠦ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠪᠠᠯᠭᠠᠰᠤ ᠶᠢ ᠡᠭᠦᠳᠦᠨ ᠪᠠᠶᠢᠭᠤᠯᠤᠨ᠎ᠠ᠃ ᠰᠢᠯᠢᠳᠡᠭ ᠰᠣᠶᠣᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠤᠳᠬ᠎ᠠ ᠤᠷᠠᠯᠢᠭ ᠤᠨ ᠰᠣᠳᠣᠨ ᠪᠦᠲᠦᠭᠡᠯ ᠵᠣᠬᠢᠶᠠᠨ ᠪᠦᠲᠦᠭᠡᠬᠦ ᠠᠵᠢᠯᠯᠠᠭ᠎ᠠ  ᠶᠢ ᠶᠡᠬᠡᠪᠡᠷ ᠥᠷᠨᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠪᠠᠶᠢᠩᠭᠤᠵᠢᠭᠤᠯᠤᠨ᠂ ᠣᠯᠠᠨ ᠲᠦᠮᠡᠨ ᠤ ᠰᠣᠶᠣᠯ ᠣᠶᠤᠨ ᠤ ᠠᠮᠢᠳᠤᠷᠠᠯ ᠢ ᠲᠠᠰᠤᠷᠠᠯᠲᠠ ᠤᠢᠭᠡᠢ ᠪᠠᠶᠠᠯᠢᠭᠵᠢᠭᠤᠯᠤᠨ᠎ᠠ᠃ ᠪᠡᠶ᠎ᠡ ᠶᠢᠨ ᠲᠠᠮᠢᠷ ᠤᠨ ᠴᠡᠴᠡᠷᠯᠢᠭ᠂ ᠤᠮᠪᠠᠯᠲᠠ ᠶᠢᠨ ᠣᠷᠳᠣᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠵᠡᠷᠭᠡ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠭᠤᠷᠪᠠᠨ ᠱᠠᠲᠤᠨ ᠤ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠲᠦᠬᠦᠭᠡᠷᠦᠮᠵᠢ ᠶᠢᠨ ᠰᠦᠯᠵᠢᠶ᠎ᠡ ᠪᠠ ᠬᠤᠲᠠ ᠪᠠᠯᠭᠠᠰᠤᠨ ᠤ《 15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ 》 ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠠᠳᠤᠯᠠᠬᠤ ᠭᠡᠷᠡᠭᠳᠡᠢ᠃ ᠬᠠᠤᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠭᠡᠷᠡᠭᠵᠢᠬᠦᠯᠦᠨ᠂ ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠵᠥᠷᠢᠴᠡᠯ ᠵᠢᠭᠤᠷᠠᠭᠠᠨ ᠢ ᠣᠯᠠᠨ ᠲᠠᠯ᠎ᠠ ᠠᠴᠠ ᠰᠢᠢᠳᠪᠦᠷᠢᠯᠡᠬᠦ ᠶᠢ ᠴᠢᠩᠭᠠᠳᠬᠠᠨ᠂ ᠣᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ  ᠶᠢ ᠬᠦᠴᠦᠯᠡᠨ ᠰᠢᠢᠳᠪᠦᠷᠢᠯᠡᠵᠦ᠂《 ᠠᠮᠤᠷ ᠠᠮᠤᠭᠤᠯᠠᠩ ᠲᠠᠶᠢᠹᠤᠰᠧ ᠬᠤᠰᠢᠭᠤ 》 ᠶᠢᠨ ᠪᠠᠶᠢᠭᠤᠯᠤᠯᠲᠠ ᠶᠢ ᠬᠦᠨᠵᠡᠬᠡᠶᠢᠷᠡᠬᠦᠯᠦᠨ᠂ ᠡᠯ᠎ᠡ ᠲᠥᠷᠥᠯ ᠤᠨ ᠬᠠᠤᠯᠢ ᠪᠤᠰᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠪᠠᠴᠢᠮ ᠪᠠᠶᠢᠳᠠᠯ ᠢ ᠠᠷᠭᠠᠴᠠᠬᠤ ᠣᠶᠤᠨᠴᠢ ᠵᠢᠯᠤᠭᠤᠳᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯᠡᠰ ᠤᠨ ᠬᠢᠨᠠᠯᠳᠠ ᠬᠠᠮᠢᠶᠠᠷᠤᠯᠳᠠ᠂ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠤᠨ ᠬᠤᠬᠢᠷᠠᠯ ᠢ ᠪᠠᠭᠠᠰᠬᠠᠬᠤ᠂ ᠦᠶᠡᠷ ᠤᠰᠤᠳᠠᠯ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤ ᠪᠣᠯᠤᠨ ᠡᠳ᠋ ᠬᠦᠷᠦᠩᠭᠡ  ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠤᠯᠭᠠᠨ᠂ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠷᠠᠳ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠬᠠᠯᠬᠠᠪᠴᠢ ᠶᠢ ᠪᠠᠶᠢᠭᠤᠯᠤᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号