ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠠᠷᠯᠠᠯ ︵87 ᠲᠣᠭᠠᠲᠤ︶
ᠨᠡᠶᠢᠲᠡᠯᠡᠭᠰᠡᠨ ᠴᠠᠭ᠄
2022/7/8
  ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠮᠥᠨ ᠬᠦ ᠪᠤᠳᠤᠯᠢᠶᠠᠨᠲᠠᠢ ᠪᠠᠶᠢᠵᠤ᠂ 7 ᠰᠠᠷ᠎ᠠ ᠶᠢᠨ 6 ᠤ ᠡᠳᠦᠷ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ᠂ ᠦᠶᠤᠸᠠᠨ ᠰᠢᠶᠠᠨ ᠳᠤ  ᠪᠦᠭᠡᠮ ᠬᠦᠴᠢᠯ ᠤᠨ ᠪᠠᠶᠢᠴᠠᠭᠠᠯᠳᠠ ᠶᠢᠨ ᠳ᠋ᠦᠩ ᠨᠢ ᠠᠷᠭ᠎ᠠ ᠴᠢᠨᠠᠷᠲᠠᠢ ᠬᠥᠮᠥᠰ ᠵᠠᠯᠭᠠᠭ᠎ᠠ ᠪᠠᠷ ᠢᠯᠡᠷᠡᠵᠡᠢ᠃ ᠮᠠᠨ ᠤ ᠬᠤᠰᠢᠭᠤᠨ ᠤ ᠪᠠᠨ ᠬᠢᠵᠢᠭ  ᠰᠡᠷᠭᠡᠶᠢᠯᠡᠬᠦ ᠠᠵᠢᠯ ᠢ ᠤᠯᠠᠮ ᠰᠠᠶᠢᠨ ᠬᠢᠵᠦ᠂ ᠳᠤᠮᠳᠠ ᠦᠨᠳᠦᠷ ᠲᠡᠰ ᠤᠨ ᠲᠦᠭᠰᠢᠬᠦᠷᠢᠳᠦ   ᠣᠷᠣᠨ ᠠᠴᠠ ᠢᠷᠡᠭᠰᠡᠳ ᠤᠨ  ᠪᠠᠶᠢᠴᠠᠭᠠᠯᠳᠠ ᠬᠠᠮᠢᠶᠠᠷᠤᠯᠳᠠ ᠶᠢᠨ ᠠᠵᠢᠯ ᠢ ᠴᠢᠩᠭᠠᠳᠬᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠨ ᠮᠡᠳᠡᠭᠳᠡᠰᠦᠭᠡᠢ᠃    ᠨᠢᠭᠡ᠂ 6 ᠰᠠᠷ᠎ᠠ ᠶᠢᠨ 27 ᠤ ᠡᠳᠦᠷ ᠠᠴᠠ ᠨᠠᠰᠢ ᠤᠷᠠᠳ ᠤᠨ ᠳᠤᠮᠳᠠᠳᠤ ᠬᠤᠰᠢᠭᠤᠨ ᠤ ᠭᠠᠭᠴᠠᠮᠣᠳᠤ ᠪᠠᠯᠭᠠᠰᠤᠨ ᠳᠤ ᠤᠴᠢᠵᠤ ᠦᠩᠭᠡᠷᠡᠭᠰᠡᠨ ᠬᠥᠮᠥᠰ 7 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠲᠥᠪᠯᠡᠷᠡᠭᠦᠯᠦᠨ ᠲᠤᠰᠠᠭᠠᠷᠯᠠᠭᠰᠠᠨ ᠤ ᠪᠠᠨ 1᠂ 2᠂ 3᠂ 5᠂ 7  ᠳ᠋ᠤᠭᠠᠷ ᠡᠳᠦᠷ ᠲᠤ  ᠲᠤᠰᠪᠤᠷᠢ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠯᠬᠡᠬᠦ ᠭᠡᠷᠡᠭᠳᠡᠢ᠃  ᠮᠦᠨ 7 ᠡᠳᠦᠷ ᠤᠨ  ᠲᠤᠳᠤᠷ᠎ᠠ ᠤᠯᠤᠰ ᠤᠨ ᠳᠣᠲᠣᠭᠠᠳᠤ ᠶᠢᠨ ᠪᠤᠰᠤᠳ ᠦᠨᠳᠦᠷ ᠲᠡᠰ ᠤᠨ ᠲᠦᠭᠰᠢᠬᠦᠷᠢᠳᠦ ᠣᠷᠣᠨ ᠳᠤ ᠤᠴᠢᠵᠤ ᠦᠩᠭᠡᠷᠡᠭᠰᠡᠨ ᠬᠥᠮᠥᠰ ᠲᠤ ᠴᠤ ᠠᠳᠠᠯᠢᠬᠠᠨ ᠬᠠᠮᠢᠶᠠᠷᠤᠯᠳᠠ ᠶᠢᠨ ᠠᠷᠭ᠎ᠠ ᠶᠢ ᠭᠡᠷᠡᠭᠵᠢᠬᠦᠯᠦᠨ᠎ᠡ᠃    ᠬᠤᠶᠠᠷ᠂ 6 ᠰᠠᠷ᠎ᠠ ᠶᠢᠨ 27  ᠤ ᠡᠳᠦᠷ ᠠᠴᠠ ᠨᠠᠰᠢ ᠤᠷᠠᠳ ᠤᠨ ᠳᠤᠮᠳᠠᠳᠤ ᠬᠤᠰᠢᠭᠤᠨ ᠤ ᠬᠠᠯᠢᠭᠤᠳᠤ ᠪᠠᠯᠭᠠᠰᠤ᠂ ᠦᠶᠤᠸᠠᠨ ᠰᠢᠶᠠᠨ ᠤ ᠯᠦᠩ ᠰᠢᠩ ᠴᠠᠩ ᠪᠠᠯᠭᠠᠰᠤ ᠳᠤ ᠤᠴᠢᠵᠤ ᠦᠩᠭᠡᠷᠡᠭᠰᠡᠨ ᠬᠥᠮᠥᠰ 7 ᠡᠳᠦᠷ   ᠭᠡᠷ ᠲᠡᠭᠡᠨ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂  ᠭᠡᠷ ᠲᠡᠭᠡᠨ ᠲᠤᠰᠠᠭᠠᠷᠯᠠᠭᠰᠠᠨ ᠤ ᠪᠠᠨ 1. 4. 7  ᠳ᠋ᠤᠭᠠᠷ ᠡᠳᠦᠷ ᠲᠤ  ᠲᠤᠰᠪᠤᠷᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠯᠬᠡᠬᠦ ᠭᠡᠷᠡᠭᠳᠡᠢ᠃ ᠬᠡᠷᠪᠡ ᠭᠡᠷ ᠲᠡᠭᠡᠨ ᠲᠤᠰᠠᠭᠠᠷᠯᠠᠬᠤ ᠨᠥᠬᠦᠴᠡᠯ ᠦᠭᠡᠢ ᠪᠤᠯ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ᠃ ᠤᠯᠤᠰ ᠤᠨ ᠳᠣᠲᠣᠭᠠᠳᠤ ᠶᠢᠨ ᠪᠤᠰᠤᠳ ᠳᠤᠮᠳᠠ ᠲᠡᠰ ᠤᠨ ᠲᠦᠭᠰᠢᠬᠦᠷᠢᠳᠦ ᠣᠷᠣᠨ ᠤ 7 ᠡᠳᠦᠷ ᠤᠨ ᠵᠢᠭᠤᠯᠴᠢᠯᠠᠯ ᠤᠨ ᠲᠡᠦᠬᠡ ᠲᠠᠢ ᠬᠥᠮᠥᠰ ᠲᠤ ᠠᠳᠠᠯᠢᠬᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠃    ᠭᠤᠷᠪᠠ᠂ 6 ᠰᠠᠷ᠎ᠠ ᠶᠢᠨ 27 ᠤ ᠡᠳᠦᠷ ᠠᠴᠠ ᠨᠠᠰᠢ ᠤᠷᠠᠳ ᠤᠨ ᠳᠤᠮᠳᠠᠳᠤ ᠬᠤᠰᠢᠭᠤ᠂ ᠦᠶᠤᠸᠠᠨ ᠰᠢᠶᠠᠨ ᠤ ᠪᠤᠰᠤᠳ ᠲᠦᠭᠰᠢᠬᠦᠷᠢ ᠪᠠᠭᠠᠳᠠᠢ ᠭᠠᠵᠠᠷ ᠣᠷᠣᠨ ᠳᠤ ᠤᠴᠢᠵᠤ ᠦᠩᠭᠡᠷᠡᠭᠰᠡᠨ ᠬᠥᠮᠥᠰ 3 ᠡᠳᠦᠷ ᠤᠨ ᠳᠣᠲᠣᠷ᠎ᠠ 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠡ ︵ ᠪᠠᠶᠢᠴᠠᠭᠠᠯᠳᠠ ᠶᠢᠨ ᠬᠤᠭᠤᠷᠤᠨᠳᠤᠬᠢ ᠵᠠᠢ ᠨᠢ 24 ᠴᠠᠭ︶  ᠬᠢᠯᠭᠡᠬᠦ ᠶᠢᠨ ᠬᠠᠮᠲᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠨ ᠬᠢᠬᠦ ᠬᠡᠷᠡᠭᠲᠡᠢ᠃  ᠮᠦᠨ 7 ᠡᠳᠦᠷ ᠤᠨ ᠲᠤᠳᠤᠷ᠎ᠠ ᠤᠯᠤᠰ ᠤᠨ ᠳᠣᠲᠣᠭᠠᠳᠤ ᠶᠢᠨ ᠳᠤᠮᠳᠠ ᠦᠨᠳᠦᠷ ᠲᠡᠰ ᠤᠨ ᠲᠦᠭᠰᠢᠬᠦᠷᠢᠳᠦ ᠣᠷᠣᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ  ᠲᠦᠭᠰᠢᠬᠦᠷᠢ ᠪᠠᠭᠠᠳᠠᠢ ᠭᠠᠵᠠᠷ ᠣᠷᠣᠨ ᠳᠤ ᠤᠴᠢᠵᠤ ᠦᠩᠭᠡᠷᠡᠭᠰᠡᠨ  ᠬᠥᠮᠥᠰ ᠲᠤ ᠠᠳᠠᠯᠢᠬᠠᠨ ᠬᠠᠮᠢᠶᠠᠷᠤᠯᠳᠠ ᠶᠢᠨ ᠠᠷᠭ᠎ᠠ ᠶᠢ ᠭᠡᠷᠡᠭᠵᠢᠬᠦᠯᠦᠨ᠎ᠡ᠃    ᠳᠥᠷᠪᠡ᠂ ᠬᠢᠯᠢ ᠶᠢᠨ ᠭᠠᠳᠠᠨ᠎ᠠ ᠠᠴᠠ ᠢᠷᠡᠭᠰᠡᠨ ᠪᠥᠭᠡᠳ ᠬᠢᠯᠢ ᠶᠢᠨ ᠪᠤᠭᠤᠮᠳᠠ ᠲᠡᠭᠡᠷ᠎ᠡ 7 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ  ᠠᠨᠠᠭᠠᠬᠤ ᠤᠬᠠᠭᠠᠨ ᠤ ᠠᠵᠢᠭᠯᠠᠯᠲᠠ ᠬᠢᠵᠦ ᠦᠩᠭᠡᠷᠡᠭᠰᠡᠨ ᠬᠥᠮᠥᠰ  ᠮᠠᠨ ᠤ ᠬᠤᠰᠢᠭᠤᠨ ᠳᠤ ᠢᠷᠡᠬᠦ ᠳᠡᠭᠡᠨ ᠡᠷᠬᠡᠪᠰᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠤᠶᠤ ᠵᠤᠴᠢᠳ ᠤᠨ ᠪᠠᠭᠤᠳᠠᠯ ᠳᠠᠭᠠᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠂ ᠢᠷᠡᠭᠰᠡᠨ ᠤ ᠪᠠᠨ ᠳᠠᠷᠠᠭ᠎ᠠ 3 ᠡᠳᠦᠷ ᠭᠡᠷ  ᠲᠡᠭᠡᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠬᠠᠮᠢᠶᠠᠷᠤᠯᠳᠠ ᠶᠢᠨ ᠠᠷᠭ᠎ᠠ ᠶᠢ ᠬᠡᠷᠡᠭᠵᠢᠭᠦᠯᠵᠦ᠂  3 ᠳ᠋ᠤᠭᠠᠷ ᠡᠳᠦᠷ  ᠲᠤᠨᠢ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠠ ᠬᠢᠯᠭᠡᠨ᠎ᠡ  ᠃ ᠭᠡᠷ ᠲᠡᠭᠡᠨ ᠰᠠᠭᠤᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠬᠤᠭᠤᠴᠠᠭᠠᠨ ᠳᠤ ᠭᠠᠳᠠᠭᠰᠢ ᠭᠠᠷᠴᠤ ᠪᠤᠯᠬᠤ ᠦᠭᠡᠢ᠂  ᠭᠡᠷᠪᠡ ᠡᠪᠡᠳᠴᠢᠨ ᠦᠵᠡᠭᠦᠯᠬᠦ ᠵᠡᠷᠭᠡ ᠣᠨᠴᠠᠭᠠᠶ ᠪᠠᠶᠢᠳᠠᠯ ᠠᠴᠠ ᠪᠤᠯᠵᠤ  ᠵᠠᠪᠠᠯ ᠭᠠᠷᠬᠤ ᠴᠢᠬᠤᠯᠠᠳᠠᠢ ᠪᠤᠯ ᠡᠷᠬᠡᠪᠰᠢ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠢ᠃      ᠲᠠᠪᠤ᠂ ᠮᠠᠨ ᠤ ᠬᠤᠰᠢᠭᠤᠨ ᠳᠤ  ᠢᠷᠡᠬᠦ ᠪᠦᠬᠦᠢ ᠬᠥᠮᠥᠰ ᠡᠷᠬᠡᠪᠰᠢ ᠰᠠᠨᠠᠭᠠᠴᠢᠯᠠᠭ᠎ᠠ ᠠᠴᠠ ᠪᠠᠨ  ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂  ᠵᠣᠴᠢᠳ ᠤᠨ ᠪᠠᠭᠤᠳᠠᠯ  ᠳᠠᠭᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠂ ᠢᠯᠠᠩᠭᠤᠶ᠎ᠠ ᠣᠶᠢᠷ᠎ᠠ ᠶᠢᠨ 7 ᠡᠳᠦᠷ ᠤᠨ ᠳᠣᠲᠣᠷ᠎ᠠ ᠳᠤᠮᠳᠠ ᠦᠨᠳᠦᠷ ᠲᠡᠰ ᠤᠨ  ᠲᠦᠭᠰᠢᠬᠦᠷᠢᠳᠦ ᠣᠷᠣᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠤᠴᠢᠵᠤ ᠦᠩᠭᠡᠷᠡᠭᠰᠡᠨ ᠬᠥᠮᠥᠰ ᠡᠷᠬᠡᠪᠰᠢ ᠪᠠᠶᠢᠳᠠᠯ  ᠢᠶᠠᠨ ᠦᠨᠡᠨ ᠮᠥᠨ ᠢᠶᠠᠷ ᠨᠢ ᠮᠡᠳᠡᠭᠦᠯᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ ᠲᠦᠷᠢᠮ ᠲᠣᠭᠲᠠᠭᠠᠯ ᠢ ᠬᠡᠷᠡᠭᠵᠢᠭᠦᠯᠬᠦ ᠦᠭᠡᠢ᠂  ᠵᠠᠮ ᠮᠦᠷ ᠤᠨ ᠪᠠᠶᠢᠳᠠᠯ ᠢᠶᠠᠨ ᠨᠢᠭᠤᠵᠤ ᠲᠠᠯᠳᠠᠯᠠᠨ᠂ ᠬᠠᠤᠯᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠵᠢᠷᠭᠤᠭ᠎ᠠ᠂ ᠡᠯ᠎ᠡ ᠲᠥᠷᠥᠯ ᠤᠨ ᠳᠡᠯᠭᠡᠭᠦᠷ ᠬᠤᠳᠠᠯᠳᠤᠭ᠎ᠠ᠂  ᠬᠤᠭᠤᠯᠠᠨ ᠭᠡᠷ᠂ ᠵᠤᠴᠢᠳ ᠤᠨ ᠪᠠᠭᠤᠳᠠᠯ᠂ ᠤᠬᠢᠶᠠᠯᠭ᠎ᠠ ᠶᠢᠨ ᠭᠠᠵᠠᠷ᠂ ᠺᠢᠨᠣ᠋ ᠣᠷᠳᠣᠨ᠂ ᠵᠢᠭᠤᠯᠴᠢᠯᠠᠯ ᠤᠨ ᠴᠡᠭ᠂  ᠡᠮ ᠤᠨ ᠫᠦᠰᠡ᠂ KTV᠂ ᠰᠦᠯᠵᠢᠶᠡᠨ ᠪᠠᠭᠠᠷ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠡᠷᠬᠡᠪᠰᠢ ᠺᠣᠳ᠋  ᠰᠢᠷᠪᠢᠬᠦ᠂  ᠬᠠᠯᠠᠭᠤᠨ ᠢ ᠬᠡᠮᠵᠢᠬᠦ᠂ ᠠᠮᠠᠪᠴᠢ ᠵᠡᠭᠦᠬᠦ᠂ ᠰᠠᠯᠬᠢ ᠨᠡᠪᠳᠡᠷᠡᠬᠦᠯᠬᠦ᠂  ᠠᠷᠢᠭᠤᠳᠬᠠᠯ ᠬᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ  ᠂ ᠠᠵᠢᠯᠳᠠᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠢᠴᠢ ᠪᠥᠭᠡᠮ ᠬᠦᠴᠢᠯ ᠤᠨ ᠪᠠᠶᠢᠴᠠᠭᠠᠯᠲᠡ ᠶᠢᠨ ᠠᠵᠢᠯ ᠢ ᠰᠠᠶᠢᠨ ᠬᠢᠵᠦ᠂ ᠡᠷᠲᠡ ᠠᠴᠠ ᠢᠯᠡᠷᠡᠬᠦᠯᠦᠨ ᠣᠨᠣᠴᠠᠲᠠᠢ ᠡᠵᠡᠮᠳᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃  ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ   ᠨᠢ ᠱᠠᠭᠠᠷᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠠᠯᠳᠠᠭᠰᠠᠳ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠤᠲᠠᠰᠤ᠄ 0479 ︱ 5230665ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 13947999675ᠪᠤᠤᠴᠠᠩ ᠪᠠᠯᠭᠠᠰᠤ ︵ᠨᠡᠶᠢᠭᠡᠮ ᠲᠣᠭᠤᠷᠢᠭ︶ ᠶᠢᠨ ᠵᠢᠵᠢᠭᠦᠷᠯᠡᠬᠦ ᠤᠲᠠᠰᠤ᠄ 0479 ︱ 5222227ᠵᠢᠶᠠᠨ ᠰᠢᠩ ᠨᠡᠶᠢᠭᠡᠮ ᠲᠣᠭᠤᠷᠢᠭ᠄ 13644792511ᠪᠦᠦ ᠹᠧᠩ ᠨᠡᠶᠢᠭᠡᠮ ᠲᠣᠭᠤᠷᠢᠭ᠄ 13947930729ᠨᠠᠨ ᠵᠢᠶᠣᠣ ᠨᠡᠶᠢᠭᠡᠮ ᠲᠣᠭᠤᠷᠢᠭ᠄ 18847938988ᠰᠢᠨ ᠬᠤᠸᠠ  ᠨᠡᠶᠢᠬᠡᠮ ᠲᠤᠭᠤᠷᠢᠭ᠄ 13947395770 ᠲᠠᠢ ᠫᠢᠩ ᠨᠡᠶᠢᠭᠡᠮ ᠲᠣᠭᠤᠷᠢᠭ᠄ 15849930009ᠳ᠋ᠦᠩ ᠵᠢᠶᠣᠣ ᠨᠡᠶᠢᠭᠡᠮ ᠲᠣᠭᠤᠷᠢᠭ᠄ 13947966967ᠬᠦᠨᠪᠤᠯᠠᠭ ᠰᠤᠮᠤ᠄ 0479 ︱ 5887015         13234794613ᠴᠢᠶᠠᠨ ᠶᠢᠨ ᠭᠧᠦ ᠪᠠᠯᠭᠠᠰᠤ᠄ 0479-2265514     15249535203ᠬᠤᠩ ᠴᠢ ᠪᠠᠯᠭᠠᠰᠤ᠄ 0479 ︱ 5823064ᠯᠦᠸᠧ ᠲᠦᠸᠧ ᠱᠠᠨ ᠪᠠᠯᠭᠠᠰᠤ᠄ 0479 ︱ 5855017ᠶᠦᠩ ᠹᠧᠩ  ᠪᠠᠯᠭᠠᠰᠤ᠄ 0479-2265106ᠰᠢᠩ ᠹᠦ᠋ ᠰᠢᠶᠠᠩ ᠄ 0479-589968       15547956376                                    ᠲᠠᠶᠢᠹᠤᠰᠧ ᠬᠤᠰᠢᠭᠤᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ                                                                           2022 ᠣᠨ ᠤ 7 ᠰᠠᠷ᠎ᠠ ᠶᠢᠨ 6 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号