7 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠪᠡᠭᠡᠵᠢᠩ ᠤᠨ | ᠳ᠋ᠧ ᠴᠢᠩ ᠶᠤᠸᠠᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ | ᠬᠡᠷᠡᠭ ᠮᠡᠳᠡᠭᠴᠢᠳ ᠤᠨ ᠳᠠᠷᠤᠭ᠎ᠠ ᠺᠦᠩ ᠸᠧᠢ ᠵᠢᠶᠠᠨ ᠨᠠᠷ ᠲᠠᠢ ᠶᠠᠷᠢᠯᠴᠠᠵᠤ᠂ ᠳ᠋ᠧ ᠴᠢᠩ ᠶᠤᠸᠠᠨ ᠠᠯᠳᠠᠨ ᠲᠠᠬᠢᠶᠠᠨ | ᠤ ᠠᠵᠤ ᠦᠢᠯᠡᠰ ᠤᠨ ᠲᠥᠷᠥᠯ ᠵᠦᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠰᠠᠨᠠᠯ ᠢᠶᠠᠨ | ᠰᠤᠯᠢᠯᠴᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ | ᠪᠦᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ᠂ ᠳᠡᠳ᠋ ᠬᠤᠰᠢᠭᠤ ᠳᠠᠷᠤᠭ᠎ᠠ ᠯᠢ ᠵᠠᠨ | ᠪᠦᠦ ᠶᠠᠷᠢᠯᠴᠠᠬᠤ ᠬᠤᠷᠠᠯ ᠳᠤ ᠣᠷᠣᠯᠴᠠᠪᠠ᠃ ᠵᠣᠣ ᠹᠧᠢ ᠫᠧᠩ ᠵᠢᠭᠠᠵᠤ ᠭᠠᠷᠭᠠᠬᠤ ᠳᠠᠭᠠᠨ᠂ ᠳ᠋ᠧ ᠴᠢᠩ ᠶᠤᠸᠠᠨ | ᠠᠯᠲᠠᠨ ᠲᠠᠬᠢᠶᠠᠨ ᠤ ᠠᠵᠤ ᠦᠢᠯᠡᠰ ᠪᠣᠯ ᠲᠠᠶᠢᠹᠤᠰᠧ ᠬᠤᠰᠢᠭᠤᠨ ᠤ ᠴᠢᠬᠤᠯᠠ ᠶᠡᠭᠡ ᠠᠷᠠᠳ ᠤᠨ ᠠᠮᠢᠳᠤᠷᠠᠯ ᠤᠨ | ᠲᠥᠷᠥᠯ ᠵᠦᠢᠯ ᠪᠠᠶᠢᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠶᠢᠴᠢᠯᠠᠬᠤ᠂ | ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠳᠤ ᠴᠢᠬᠤᠯᠠ ᠶᠡᠭᠡ | ᠠᠴᠢ ᠬᠤᠯᠪᠣᠭᠳᠠᠯ ᠲᠠᠢ ᠶᠤᠮ᠃ ᠳ᠋ᠧ ᠴᠢᠩ ᠶᠤᠸᠠᠨ ᠺᠤᠮᠫᠠᠨᠢ ᠶᠢᠨ ᠬᠢᠨ ᠠᠵᠠ ᠲᠣᠬᠢᠶᠠᠯ ᠢ ᠡᠵᠡᠮᠳᠡᠨ᠂ | ᠬᠥᠭᠵᠢᠯᠲᠡ ᠶᠢᠨ ᠣᠷᠣᠨ ᠵᠠᠢ ᠪᠠᠨ ᠲᠠᠰᠤᠷᠠᠯᠲᠠ ᠦᠭᠡᠢ ᠥᠷᠭᠡᠳᠬᠡᠵᠦ᠂ ᠬᠠᠮᠤᠭ ᠤᠨ ᠰᠢᠯᠢᠳᠡᠭ ᠬᠠᠮᠢᠶᠠᠷᠤᠯᠲᠠ | ᠪᠠ ᠮᠡᠷᠭᠡᠵᠢᠯ ᠢ ᠦᠢᠯᠡᠳᠪᠦᠷᠢᠯᠡᠯ ᠳᠤ ᠣᠷᠣᠭᠤᠯᠤᠨ᠂ ᠲᠠᠶᠢᠹᠤᠰᠧ ᠬᠤᠰᠢᠭᠤᠨ ᠤ ᠲᠠᠷᠢᠶᠠᠯᠠᠩ ᠤᠨ | ᠪᠦᠲᠦᠭᠡᠭᠳᠡᠬᠦᠨ ᠤ ᠠᠵᠢᠯ ᠲᠥᠷᠥᠯ ᠤᠨ ᠮᠡᠷᠭᠡᠵᠢᠯ ᠢ ᠲᠡᠭᠡᠭᠰᠢᠯᠡᠬᠦᠯᠬᠦ᠂ ᠠᠵᠤ ᠦᠢᠯᠡᠰ ᠢ ᠲᠠᠰ ᠲᠡᠪᠰᠢᠬᠦᠯᠬᠦ᠂ | ᠲᠠᠷᠢᠶᠠᠯᠠᠩ ᠤᠨ ᠪᠦᠲᠦᠭᠡᠭᠳᠡᠬᠦᠨ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠵᠢᠱᠢᠶ᠎ᠡ ᠦᠵᠡᠭᠦᠯᠬᠦ ᠦᠢᠯᠡᠳᠦᠯ ᠢᠶᠠᠨ | ᠦᠷᠭᠦᠯᠵᠢᠯᠡᠨ ᠪᠠᠳᠠᠷᠠᠭᠤᠯᠵᠤ᠂ ᠠᠯᠲᠠᠨ ᠲᠠᠬᠢᠶᠠᠨ ᠤ ᠠᠵᠤ ᠦᠢᠯᠡᠰ ᠤᠨ ᠲᠥᠷᠥᠯ ᠵᠦᠢᠯ ᠢ ᠤᠨᠢᠨ ᠲᠡᠭᠡᠷ᠎ᠡ ᠨᠢ | ᠬᠠᠪᠰᠤᠷᠤᠨ ᠲᠡᠳᠬᠦᠬᠦ ᠥᠯᠢᠭᠡᠷ ᠵᠢᠱᠢᠶ᠎ᠡ ᠪᠤᠯᠭᠠᠵᠤ ᠬᠦᠭᠵᠢᠬᠦᠯᠦᠨ᠂ ᠲᠠᠶᠢᠹᠤᠰᠧ ᠬᠤᠰᠢᠭᠤᠨ ᠤ ᠣᠯᠠᠨ | ᠲᠦᠮᠡᠨ ᠳᠤ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠡᠳ᠋ᠯᠡᠬᠦᠯᠬᠦ ᠶᠢ ᠬᠦᠰᠡᠵᠦ | ᠪᠠᠶᠢᠨ᠎ᠠ ᠬᠡᠵᠡᠢ᠃ ᠺᠦᠩ ᠸᠧᠢ ᠵᠢᠶᠠᠨ ᠲᠠᠶᠢᠹᠤᠰᠧ ᠬᠤᠰᠢᠭᠤᠨ ᠤ ᠠᠯᠳᠠᠨ ᠲᠠᠬᠢᠶᠠᠨ ᠤ ᠠᠵᠤ ᠦᠢᠯᠡᠰ ᠤᠨ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠮᠵᠢᠯᠲᠠ ᠪᠦᠲᠦᠮᠵᠢ ᠶᠢ ᠨᠤᠳ᠋ᠯᠠᠭᠰᠠᠨ ᠤ ᠬᠠᠮᠳᠤ᠂ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠠᠷᠭ᠎ᠠ ᠮᠡᠷᠭᠡᠵᠢᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠤᠨ᠂ ᠡᠯ᠎ᠡ | ᠲᠦᠷᠦᠯ ᠤᠨ ᠠᠵᠢᠯ ᠢ ᠤᠯᠠᠮ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠦᠷ᠎ᠡ ᠠᠰᠢᠭ ᠢ ᠴᠢᠨᠠᠭᠰᠢᠳᠠ | ᠨᠡᠮᠡᠭᠳᠡᠬᠦᠯᠦᠨ᠂ ᠨᠠᠩ ᠣᠯᠠᠨ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢ ᠰᠢᠢᠳᠪᠦᠷᠢᠯᠡᠵᠦ᠂ ᠠᠵᠤ ᠠᠬᠤᠶᠢᠯᠠᠯ | ᠪᠠ ᠣᠷᠣᠨ ᠨᠤᠲᠤᠭ ᠤᠨ ᠬᠠᠮᠳᠤᠪᠠᠷ ᠠᠰᠢᠭ ᠭᠥᠷᠳᠡᠬᠦ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ | ᠢᠯᠡᠷᠬᠡᠶᠢᠯᠡᠪᠡ᠃ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠵᠣᠬᠢᠶᠠᠨ | ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠦᠩ ᠵᠢᠢ ᠺᠣᠮᠫᠠᠨᠢ ᠵᠡᠷᠭᠡ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ |