ᠲᠠᠶᠢᠹᠤᠰᠧ ᠬᠤᠰᠢᠭᠤ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ  ᠬᠢᠭᠰᠡᠨ
ᠨᠡᠶᠢᠲᠡᠯᠡᠭᠰᠡᠨ ᠴᠠᠭ᠄
2022/8/1
  7 ᠰᠠᠷ᠎ᠠ ᠶᠢᠨ 28 ᠤ ᠡᠳᠦᠷ᠂  ᠲᠠᠶᠢᠹᠤᠰᠧ ᠬᠤᠰᠢᠭᠤ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ᠂ ᠠᠶᠤᠯᠭᠦᠢ ᠦᠢᠯᠡᠳᠪᠦᠷᠢᠯᠡᠯ ᠤᠨ ᠠᠵᠢᠯ᠂ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠲᠤᠰᠬᠠᠢ ᠪᠠᠶᠢᠷᠢᠯᠠᠭᠤᠯᠤᠯᠲᠠ ᠶᠢᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠳᠠ ᠬᠢᠵᠡᠢ᠃ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠡᠷᠭᠢᠯᠡᠨ ᠶᠠᠷᠢᠶ᠎ᠠ ᠲᠠᠯᠪᠢᠵᠤ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ   ᠤᠨ ᠠᠬᠢᠯᠳᠠ ᠠᠮᠵᠢᠯᠳᠠ ᠶᠢᠨ ᠪᠠᠶᠢᠳᠠᠯ ᠢ ᠰᠣᠨᠣᠰᠴᠠᠢ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠴᠢᠩᠭ᠎ᠠ ᠠᠳᠬᠤᠨ ᠪᠣᠳᠠᠲᠠᠢ ᠠᠳᠬᠤᠵᠤ᠂  ᠰᠡᠷᠭᠡᠶᠢᠯᠡᠯᠳᠡ ᠶᠢᠨ ᠬᠠᠯᠬᠠᠪᠴᠢ ᠶᠢ ᠪᠦᠬᠦ ᠲᠠᠯ᠎ᠠ ᠪᠠᠷ ᠪᠠᠬᠢᠵᠢᠬᠦᠯᠦᠨ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠪᠠᠬᠢ ᠰᠦᠯᠵᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠴᠢᠩᠭ᠎ᠠ ᠠᠳᠬᠤᠨ᠂ ︽ᠠᠷᠪᠠᠨ ᠲᠠᠪᠤᠨ ᠵᠤᠷᠪᠤᠰ︾  ᠬᠠᠲᠠᠭᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠂  ᠡᠯ᠎ᠡ ᠲᠦᠷᠦᠯ ᠤᠨ ᠤᠰᠤᠯ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠨ ᠬᠢᠵᠦ᠂ ᠠᠮᠤᠷ ᠲᠣᠭᠲᠠᠭᠤᠨ᠂ ᠡᠶ᠎ᠡ ᠵᠣᠬᠢᠴᠠᠩᠭᠤᠢ᠂ ᠡᠮᠬᠢ ᠳᠢᠭᠯᠢᠮ ᠲᠠᠢ ᠬᠥᠭᠵᠢᠯᠲᠡ ᠶᠢᠨ ᠣᠷᠴᠢᠨ ᠨᠦᠬᠦᠴᠡᠯ ᠢ ᠪᠤᠢ ᠪᠤᠯᠭᠠᠨ᠂ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠤᠨ ᠰᠢᠯᠢᠳᠡᠭ ᠢ ᠡᠭᠦᠳᠬᠦ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ  ᠰᠠᠶᠢᠨ ᠦᠢᠯᠡᠴᠢᠯᠡᠨ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃   ᠬᠤᠰᠢᠭᠤᠨ ᠤ ᠳᠡᠳ᠋ ᠭᠠᠵᠠᠷ ᠤᠨ ᠲᠠᠰ   ᠠᠴᠠ ᠳᠡᠭᠡᠭᠰᠢᠬᠢ ᠤᠳᠤᠷᠢᠳᠬᠤ ᠺᠠᠳ᠋ᠷ᠂  ᠰᠤᠮᠤ ᠰᠢᠶᠠᠩ ᠪᠠᠯᠭᠠᠰᠤ᠂  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号