ᠲᠠᠶᠢᠹᠤᠰᠧ ᠬᠤᠰᠢᠭᠤ ᠴᠢᠰᠤ ᠬᠠᠨᠳᠢᠪᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/1
   7 ᠰᠠᠷ᠎ᠠ ᠶᠢᠨ 28 ᠤ ᠡᠳᠦᠷ᠂ ᠲᠠᠶᠢᠹᠤᠰᠧ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠵᠢᠴᠢ ᠴᠢᠰᠤ  ᠪᠦᠳᠦᠭᠡᠬᠦ ᠭᠤᠣᠯ ᠡᠰ ᠤᠨ ᠵᠠᠭᠪᠤᠷ ᠴᠤᠭᠯᠠᠭᠤᠯᠬᠤ ᠠᠵᠢᠯᠯᠠᠭ᠎ᠠ ᠥᠷᠨᠢᠭᠦᠯᠪᠡ᠃ ᠬᠦᠰᠦᠨᠦᠭ ᠲᠠᠭᠯᠠᠬᠤ᠂ ᠪᠠᠶᠢᠴᠠᠭᠠᠬᠤ᠂ ᠴᠢᠰᠤ ᠦᠭᠬᠦ ᠁ ᠠᠬᠤᠢ ᠲᠠᠯᠠᠪᠠᠢ ᠶᠢᠨ ᠠᠯᠬᠤᠮ ᠲᠠᠷᠠᠭ᠎ᠠ ᠨᠢ ᠡᠮᠬᠢ ᠵᠠᠮᠪᠠᠷᠠᠭ᠎ᠠ ᠲᠠᠢ  ᠶᠠᠪᠤᠭᠳᠠᠵᠤ᠂ ᠰᠤᠪᠢᠯᠠᠭᠴᠢ ᠠᠴᠠ ᠴᠢᠰᠤ ᠬᠠᠨᠳᠢᠪᠯᠡᠬᠤ ᠪᠠᠷ ᠢᠷᠡᠭᠰᠡᠨ ᠬᠥᠮᠥᠰ ᠲᠤ ᠪᠦᠬᠦᠶᠢᠯᠡ ᠶᠠᠪᠤᠴᠠ ᠶᠢ ᠨᠢᠮᠪᠠᠢ ᠲᠠᠨᠢᠯᠴᠠᠭᠤᠯᠤᠨ᠂ ᠴᠢᠰᠤ ᠬᠠᠨᠳᠢᠪᠯᠡᠬᠤ ᠬᠦᠮᠦᠨ ᠤ ᠨᠡᠷᠡᠰ ᠢ ᠲᠡᠮᠳᠡᠭᠯᠡᠵᠦ᠂ ᠴᠢᠰᠤ ᠬᠠᠨᠳᠢᠪᠯᠡᠬᠤ ᠶᠠᠪᠤᠴᠠ ᠳᠤ ᠲᠤᠬᠢᠶᠠᠯᠳᠤᠬᠤ ᠡᠯ᠎ᠡ ᠵᠦᠢᠯ ᠤᠨ ᠠᠰᠠᠭᠤᠳᠠᠯ ᠢ ᠲᠠᠶᠢᠯᠪᠤᠷᠢᠯᠠᠨ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠵᠢᠴᠢ ᠴᠢᠰᠤ ᠪᠦᠲᠦᠭᠡᠬᠦ ᠭᠤᠣᠯ ᠡᠰ ᠢᠶᠠᠨ ᠬᠠᠨᠳᠢᠪᠯᠡᠬᠤ ᠶᠢᠨ ᠠᠴᠢ ᠬᠤᠯᠪᠣᠭᠳᠠᠯ ᠢ ᠤᠬᠠᠭᠤᠯᠵᠤ ᠪᠠᠶᠢᠪᠠ᠃ ᠴᠢᠰᠤ ᠬᠠᠨᠳᠢᠪᠯᠡᠭ᠌ᠴᠢᠳ ᠤᠨ ᠳᠣᠲᠣᠷ᠎ᠠ ᠣᠷᠳᠣ ᠬᠤᠭᠤᠴᠠᠭ᠎ᠠ ᠪᠠᠷ ᠴᠢᠰᠤ ᠬᠠᠨᠳᠢᠪᠯᠡᠬᠤ ᠶᠢ ᠪᠠᠷᠢᠮᠳᠠᠯᠠᠵᠤ ᠢᠷᠡᠭᠰᠡᠨ ᠬᠠᠯᠠᠭᠤᠨ ᠰᠡᠳᠬᠢᠯᠳᠦ ᠬᠦᠮᠦᠰ ᠪᠠᠶᠢᠬᠤ ᠳᠤ᠂ ᠠᠩᠬ᠎ᠠ ᠤᠳᠠᠭ᠎ᠠ ᠴᠢᠰᠤ ᠬᠠᠨᠳᠢᠪᠯᠡᠬᠤ ᠳᠤ ᠣᠷᠣᠯᠴᠠᠭᠰᠠᠨ ᠰᠢᠨ᠎ᠡ ᠬᠦᠮᠦᠰ ᠴᠤ ᠤᠯᠠᠨ ᠪᠠᠶᠢᠯ᠎ᠠ  ᠃    ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠴᠠᠭᠳᠠᠭ᠎ᠠ ᠸᠠᠩ ᡁᠢ ᠪᠢᠶᠣᠣ᠄ ︽ᠥᠨᠥᠳᠥᠷ ᠪᠢ ᠠᠩᠬ᠎ᠠ ᠤᠳᠠᠭ᠎ᠠ ᠴᠢᠰᠤ ᠬᠠᠨᠳᠢᠪᠯᠠᠬᠤ ᠠᠵᠢᠯᠯᠠᠭ᠎ᠠ ᠳᠤ ᠣᠷᠣᠯᠴᠠᠵᠤ ᠪᠠᠶᠢᠨ᠎ᠠ᠂ ᠮᠢᠨᠤ ᠴᠢᠰᠤᠨ ᠤ ᠪᠠᠶᠢᠴᠠᠭᠠᠯᠲᠠ ᠬᠢᠷᠢ ᠲᠡᠩᠴᠡᠬᠦ   ᠶᠢ  ᠯᠠ ᠬᠦᠰᠡᠨ᠎ᠡ᠂  ᠲᠡᠳᠡᠭᠡᠷ ᠬᠡᠷᠡᠭᠴᠡᠭᠡ ᠲᠠᠢ ᠬᠥᠮᠥᠰ   ᠢ ᠬᠠᠪᠰᠤᠷᠴᠤ ᠴᠢᠳᠠᠬᠤ   ᠳᠤ ᠬᠦᠷᠪᠡᠯ ᠮᠢᠨᠦ ᠤᠮᠤᠭᠰᠢᠯ ᠬᠡᠵᠦ ᠪᠤᠳᠤᠨ᠎ᠠ︾᠃    ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠳᠤ ᠠᠪᠤᠷᠠᠨ ᠲᠤᠰᠠᠯᠠᠬᠤ ᠠᠩᠭᠢ ᠶᠢᠨ ᠰᠠᠶᠢᠨ ᠲᠤᠷᠠᠳᠠᠨ ᠯᠢ ᠯᠢ ᠰᠢᠶᠠ᠄ ︽ᠪᠢ ᠵᠢᠯ ᠪᠤᠯᠭᠠᠨ ᠦᠨ᠎ᠡ ᠲᠥᠯᠥᠪᠦᠷᠢ ᠦᠭᠡᠢ ᠪᠠᠷ ᠴᠢᠰᠤ ᠥᠭᠬᠦ ᠠᠵᠢᠯᠯᠠᠭ᠎ᠠ ᠳᠤ ᠣᠷᠣᠯᠴᠠᠳᠠᠭ᠂ ᠥᠪᠡᠷ ᠤᠨ ᠭᠡᠳᠦᠨ ᠲᠤᠰᠤᠯ ᠴᠢᠰᠤ ᠮᠢᠨᠢ ᠦᠷᠦᠭᠡᠯ ᠤᠨ ᠨᠠᠨᠳᠢᠨ ᠠᠮᠢ  ᠶᠢ ᠠᠪᠤᠷᠠᠬᠤ ᠪᠣᠯᠣᠯᠴᠠᠭ᠎ᠠ ᠲᠠᠢ ᠪᠤᠯᠬᠤᠷ ᠡᠨᠡ ᠶᠠᠪᠤᠳᠠᠯ ᠢ ᠬᠢᠬᠦ ᠨᠢ ᠲᠤᠶᠢᠯ ᠤᠨ ᠤᠳᠬ᠎ᠠ ᠠᠭᠤᠯᠭ᠎ᠠ ᠲᠠᠢ ᠰᠠᠨᠠᠭᠳᠠᠬᠤ ᠶᠤᠮ︾  ᠃     ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠪᠠ ᠴᠢᠰᠤ ᠪᠦᠲᠦᠭᠡᠬᠦ ᠭᠤᠣᠯ ᠡᠰ ᠢᠶᠠᠨ ᠬᠠᠨᠳᠢᠪᠯᠡᠬᠤ ᠪᠣᠯ ᠨᠢᠭᠡ ᠵᠦᠢᠯ ᠤᠨ ᠡᠷᠬᠢᠮ ᠳᠡᠭᠡᠳᠦ ᠨᠡᠶᠢᠭᠡᠮ ᠨᠡᠶᠢᠲᠡ ᠶᠢᠨ ᠦᠢᠯᠡᠰ  ᠂ ᠬᠠᠷᠠᠮ ᠦᠭᠡᠢ ᠵᠣᠷᠢᠭᠤᠯᠬᠤ᠂  ᠬᠠᠶᠢᠷ᠎ᠠ ᠬᠠᠯᠠᠮᠵᠢ ᠪᠠᠨ ᠡᠷᠬᠦᠬᠦ ᠡᠷᠬᠢᠮ ᠳᠡᠭᠡᠳᠦ ᠬᠥᠮᠦᠯᠢᠭ ᠦᠵᠡᠯ ᠤᠨ ᠦᠢᠯᠡ ᠠᠵᠢᠯᠯᠠᠭ᠎ᠠ  ᠂ ︽ᠬᠥᠮᠦᠯᠢᠭ ᠶᠣᠰᠣ ᠶᠢ ᠲᠡᠭᠡᠳᠦᠯᠡᠵᠦ᠂ ᠲᠦᠭᠡᠮᠡᠯ ᠬᠠᠶᠢᠷ᠎ᠠ ᠶᠢ ᠲᠡᠯᠬᠡᠷᠡᠬᠦᠯᠦᠨ᠂  ᠠᠯᠢᠪᠠ ᠪᠠᠨ ᠬᠠᠷᠠᠮ ᠦᠭᠡᠢ ᠵᠣᠷᠢᠭᠤᠯᠬᠤ︾ ᠤᠯᠠᠭᠠᠨ ᠵᠠᠭᠠᠯᠮᠠᠶᠢᠳᠠᠨ ᠤ ᠵᠣᠷᠢᠭ ᠰᠠᠨᠠᠭᠠᠨ ᠤ ᠢᠯᠡᠷᠡᠯ ᠪᠤᠯᠤᠨ᠎ᠠ᠃ ᠣᠶᠢᠯᠠᠭᠠᠭᠰᠠᠨ ᠢᠶᠠᠷ᠂ ᠲᠠᠶᠢᠹᠤᠰᠧ ᠬᠤᠰᠢᠭᠤᠨ ᠠᠴᠠ ᠡᠨᠡ ᠤᠳᠠᠭ᠎ᠠ 158 ᠬᠥᠮᠥᠨ ᠠᠮᠵᠢᠯᠲᠠ ᠲᠠᠢ ᠪᠠᠷ ᠴᠢᠰᠤ ᠪᠠᠨ ᠬᠠᠨᠳᠢᠪᠯᠡᠵᠤ᠂ 46500 ᠮᠢᠯᠢᠯᠢᠲᠷ ᠴᠢᠰᠤ  ᠴᠤᠭᠯᠠᠭᠤᠯᠤᠭᠰᠠᠨ ᠪᠦᠭᠡᠳ  ᠴᠢᠰᠤ ᠪᠦᠲᠦᠭᠡᠬᠦ ᠭᠤᠣᠯ ᠡᠰ ᠤᠨ ᠵᠠᠭᠪᠤᠷ 30 ᠶᠢ ᠴᠤᠭᠯᠠᠭᠤᠯᠤᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号