ᠲᠠᠶᠢᠹᠤᠰᠧ ᠬᠤᠰᠢᠭᠤ ᠰᠤᠮᠤ ᠰᠢᠶᠠᠩ ᠪᠠᠯᠭᠠᠰᠤᠨ ᠤ ᠨᠠᠮ ᠤᠨ ᠡᠬᠦᠷ ᠤᠨ ᠱᠦᠵᠢ ᠨᠠᠷ ᠤᠨ ︽ᠡᠷᠳᠡᠮ ᠠᠳᠠᠯᠢᠳᠬᠠᠵᠤ ᠤᠳᠤᠨ ᠪᠤᠯᠢᠶᠠᠯᠳᠤᠬᠤ︾ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2022/8/10
   7 ᠰᠠᠷ᠎ᠠ ᠶᠢᠨ 30  ᠤ ᠡᠳᠦᠷ ᠠᠴᠠ 8 ᠰᠠᠷ᠎ᠠ ᠶᠢᠨ 7  ᠤ ᠡᠳᠦᠷ ᠪᠣᠯᠲᠠᠯ᠎ᠠ᠂ ᠲᠠᠶᠢᠹᠦᠰᠧ ᠬᠤᠰᠢᠭᠤᠨ ᠤ 7 ᠰᠤᠮᠤ ᠰᠢᠶᠠᠩ ᠪᠠᠯᠭᠠᠰᠤ ᠨᠢ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠠᠵᠢᠯ ᠤᠨ ︽ᠡᠷᠳᠡᠮ ᠠᠳᠠᠯᠢᠳᠬᠠᠵᠤ ᠤᠳᠤᠨ ᠪᠤᠯᠢᠶᠠᠯᠳᠤᠬᠤ︾  ᠠᠵᠢᠯᠯᠠᠭ᠎ᠠ  ᠦᠷᠨᠢᠬᠦᠯᠪᠡ᠃  ᠡᠨᠡ  ᠤᠳᠠᠭᠠᠨ ᠤ ᠠᠵᠢᠯᠯᠠᠭ᠎ᠠ ᠨᠢ ᠲᠤᠬᠠᠢ ᠶᠢᠨ ᠭᠠᠵᠠᠷ ᠲᠤ ᠲᠣᠭᠤᠷᠢᠨ ᠦᠵᠡᠬᠦ  ᠂ ᠤᠨᠤᠯ ᠤᠨ ᠰᠢᠯᠭᠠᠯᠲᠠ ᠶᠠᠪᠤᠭᠤᠯᠬᠤ  ᠂ ᠶᠠᠷᠢᠶ᠎ᠠ ᠢᠯᠡᠳᠭᠡᠯ ᠬᠢᠬᠦ ᠬᠡᠯᠪᠡᠷᠢ ᠪᠠᠷ ᠶᠠᠪᠤᠭᠳᠠᠵᠤ᠂ ᠭᠠᠴᠠᠭ᠎ᠠ ᠲᠣᠰᠬᠤᠨ ᠤ ᠨᠠᠮ ᠤᠨ ᠡᠬᠦᠷ ᠤᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠳᠣᠲᠣᠭᠠᠳᠤ ᠬᠥᠳᠡᠯᠭᠡᠭᠦ ᠬᠦᠴᠦᠨ ᠢ  ᠲᠠᠶᠢᠴᠢᠯᠠᠨ᠂ ᠨᠠᠮ ᠤᠨ ᠪᠠᠶᠢᠭᠤᠯᠤᠯᠲᠠ ᠶᠢ ᠭᠦᠨᠵᠡᠭᠡᠢ ᠮᠦᠷᠳᠡᠭᠡᠨ ᠪᠣᠳᠠᠲᠠᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠵᠤᠷᠢᠯᠭ᠎ᠠ  ᠪᠤᠯᠭᠠᠵᠠᠢ᠃ ᠡᠯ᠎ᠡ ᠰᠤᠮᠤ ᠰᠢᠶᠠᠩ  ᠪᠠᠯᠭᠠᠰᠤᠨ ᠤ  ᠬᠢᠨᠠᠨ ᠦᠨᠡᠯᠡᠬᠦ ᠪᠦᠯᠬᠦᠮ  ᠪᠠ ᠡᠯ᠎ᠡ ᠭᠠᠴᠠᠭ᠎ᠠ ᠲᠣᠰᠬᠤᠨ ᠤ ᠨᠠᠮ ᠤᠨ ᠡᠬᠦᠷ ᠤᠨ ᠱᠦᠵᠢ  ᠨᠠᠷ ᠨᠠᠮ ᠤᠨ ᠪᠠᠶᠢᠭᠤᠯᠤᠯᠲᠠ᠂ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ᠂ ᠬᠥᠳᠡᠭᠡ ᠶᠢᠨ ᠵᠠᠩ ᠰᠤᠷᠲᠠᠯ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠬᠠᠮᠢᠶ᠎ᠠ ᠪᠦᠬᠦᠢ ᠠᠵᠢᠯ ᠤᠨ ᠪᠠᠶᠢᠳᠠᠯ ᠢ  ᠲᠣᠭᠤᠷᠢᠨ ᠦᠵᠡᠵᠦ᠂  ᠭᠠᠴᠠᠭ᠎ᠠ ᠲᠣᠰᠬᠤᠨ ᠤ ᠬᠢᠨ ᠦᠪᠡᠷ ᠦᠪᠡᠷ ᠤᠨ ᠠᠮᠵᠢᠯᠲᠠ ᠪᠦᠲᠦᠮᠵᠢ ᠪᠠ ᠥᠪᠡᠷᠮᠢᠴᠡ ᠣᠨᠴᠠᠯᠢᠭ ᠲᠠᠢ  ᠲᠤᠷᠠᠶᠢᠮ᠎ᠠ ᠴᠡᠭ ᠢᠶᠠᠨ ᠢᠳᠡᠪᠬᠢᠲᠡᠢ ᠳᠡᠯᠭᠡᠨ ᠦᠵᠡᠭᠦᠯᠵᠦ᠂  ᠠᠷᠭ᠎ᠠ  ᠲᠤᠷᠰᠢᠯᠭ᠎ᠠ ᠪᠠᠨ ᠰᠤᠷᠤᠯᠴᠠᠵᠤ ᠰᠤᠯᠢᠯᠴᠠᠨ᠂ ᠵᠥᠷᠢᠶ᠎ᠡ ᠳᠤᠲᠠᠭᠤᠳᠠᠯ ᠢᠶᠠᠨ ᠡᠷᠢᠵᠦ ᠨᠦᠬᠦᠪᠦᠷᠢᠯᠡᠭᠰᠡᠨ ᠪᠠᠶᠢᠨ᠎ᠠ᠃ ᠲᠠᠶᠢᠰᠠᠨ ᠤ  ᠮᠦᠷᠦᠶᠢᠴᠡᠭᠡᠨ ᠤ ᠠᠬᠤᠢ ᠲᠠᠯᠠᠪᠠᠢ ᠳᠤ᠂  ᠭᠠᠴᠠᠭ᠎ᠠ ᠲᠣᠰᠬᠤᠨ ᠤ ᠨᠠᠮ ᠤᠨ ᠡᠬᠦᠷ ᠤᠨ ᠱᠦᠵᠢ ᠨᠠᠷ ᠠᠵᠢᠯ ᠤᠨ ᠪᠣᠳᠠᠲᠠᠢ ᠳᠠᠭᠠᠨ ᠰᠠᠭᠤᠷᠢᠯᠠᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠳᠤᠨ ᠤ ᠵᠠᠰᠠᠯᠳᠠ ᠵᠡᠷᠭᠡ ᠠᠵᠢᠯ ᠤᠨ ᠲᠣᠭᠤᠷᠢᠨ ᠳᠤ᠂ ᠡᠷᠡᠮᠪᠡ ᠲᠠᠷᠠᠭᠠᠯᠠᠯ ᠲᠠᠢ ᠲᠠᠶᠢᠰᠠᠨ ᠳᠤ ᠭᠠᠷᠴᠤ ᠶᠠᠷᠢᠶ᠎ᠠ ᠢᠯᠡᠳᠭᠡᠯ ᠬᠢᠬᠦ   ᠪᠠᠷ ᠲᠠᠮᠵᠢᠨ  ᠂ ᠠᠮᠵᠢᠯᠲᠠ ᠪᠦᠲᠦᠮᠵᠢ ᠪᠠᠨ ᠠᠳᠠᠯᠢᠳᠬᠠᠵᠤ᠂ ᠲᠦᠰᠦᠪ ᠲᠥᠯᠥᠪᠯᠡᠭᠡ ᠪᠠᠨ  ᠲᠠᠨᠢᠯᠴᠠᠭᠤᠯᠤᠨ᠂ ︽ ᠰᠢᠯᠭᠠᠨ ᠪᠠᠶᠢᠴᠠᠭᠠᠬᠤ︾ ᠶᠢ ᠬᠦᠯᠢᠶᠡᠪᠡ᠃    ︽ ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ ᠲᠡᠷᠢᠭᠦᠨ ᠤ ᠠᠷᠭ᠎ᠠ ᠲᠤᠷᠰᠢᠯᠭ᠎ᠠ ᠶᠢ ᠦᠵᠡᠵᠦ ᠬᠠᠷᠠᠵᠤ ᠰᠤᠷᠤᠯᠴᠠᠵᠤ ᠰᠤᠯᠢᠯᠴᠠᠯ᠎ᠠ᠂  ᠥᠪᠡᠷ ᠤᠨ ᠬᠦᠷᠦᠯᠴᠡᠬᠦ ᠦᠭᠡᠢ ᠲᠠᠯ᠎ᠠ ᠪᠠᠨ ᠴᠤ ᠣᠯᠵᠤ ᠮᠠᠲᠠᠵᠠᠢ᠃ ᠬᠤᠶᠢᠰᠢᠳᠠ ᠶᠢᠨ ᠠᠵᠢᠯ ᠤᠨ ᠳᠤᠮᠳᠠ   ᠪᠠᠨ  ᠬᠦᠷᠦᠯᠴᠡᠬᠦ ᠦᠭᠡᠢ ᠲᠠᠯ᠎ᠠ ᠪᠠᠨ ᠦᠨᠡᠨᠬᠦ  ᠨᠦᠬᠦᠪᠦᠷᠢᠯᠡᠨ ᠰᠠᠶᠢᠵᠢᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠤᠯᠠᠨ ᠳᠤ  ᠤᠯᠠᠮ ᠰᠠᠶᠢᠨ  ᠦᠢᠯᠡᠴᠢᠯᠡᠬᠦ ᠪᠠᠷ ᠴᠢᠷᠮᠠᠶᠢᠨ᠎ᠠ︾ ᠭᠡᠵᠦ  ᠰᠢᠩ ᠹᠦ᠋ ᠰᠢᠶᠠᠩ ᠤᠨ ᠭᠤᠸᠠᠩ ᠮᠢᠩ ᠲᠣᠰᠬᠤᠨ ᠤ ᠨᠠᠮ ᠤᠨ ᠡᠭᠦᠷ ᠤᠨ ᠱᠦᠵᠢ ᠵᠠᠩ ᠢᠦᠢ  ᠶᠠᠷᠢᠨ᠎ᠠ᠃    ᠬᠤᠷᠴᠠ ᠰᠢᠷᠦᠭᠦᠨ ᠥᠷᠢᠰᠦᠯᠳᠦᠭᠡᠨ ᠢᠶᠠᠷ ᠲᠠᠮᠵᠢᠭᠠᠳ 7 ᠰᠤᠮᠤ ᠰᠢᠶᠠᠩ ᠪᠠᠯᠭᠠᠰᠤᠨ ᠤ 14 ᠭᠠᠴᠠᠭᠠᠨ ᠤ ᠨᠠᠮ ᠤᠨ ᠡᠬᠦᠷ ᠤᠨ ᠱᠦᠵᠢ ᠴᠣᠯᠭᠤᠷᠠᠨ ᠭᠠᠷᠴᠤ᠂ ᠬᠤᠰᠢᠭᠤᠨ ᠤ ᠲᠠᠰ ᠤᠨ ︽ᠡᠷᠳᠡᠮ ᠠᠳᠠᠯᠢᠳᠬᠠᠵᠤ ᠤᠳᠤᠨ ᠪᠤᠯᠢᠶᠠᠯᠳᠤᠬᠤ  ︾ ᠠᠵᠢᠯᠯᠠᠭ᠎ᠠ ᠳᠤ ᠤᠷᠤᠯᠴᠠᠬᠤ ᠪᠠᠷ ᠬᠢᠷᠢ ᠬᠡᠮ ᠢ ᠤᠯᠵᠠᠢ᠃  ︽ᠡᠷᠳᠡᠮ ᠠᠳᠠᠯᠢᠳᠬᠠᠵᠤ ᠤᠳᠤᠨ ᠪᠤᠯᠢᠶᠠᠯᠳᠤᠬᠤ︾  ᠠᠵᠢᠯᠯᠠᠭ᠎ᠠ ᠨᠢ ᠭᠠᠴᠠᠭ᠎ᠠ ᠲᠣᠰᠬᠤᠨ ᠤ ᠺᠠᠳ᠋ᠷᠴᠤᠳ ᠤᠨ ᠠᠵᠢᠯ ᠬᠢᠵᠦ ᠦᠢᠯᠡᠰ ᠪᠦᠳᠦᠭᠡᠬᠦ ᠤᠷᠮ᠎ᠠ ᠵᠣᠷᠢᠭ ᠢ ᠪᠦᠲᠦᠮᠵᠢᠲᠡᠢ ᠲᠠᠶᠢᠴᠢᠯᠠᠵᠤ᠂  ᠠᠳᠠᠯᠢᠳᠬᠠᠵᠤ ᠰᠤᠷᠤᠯᠴᠠᠬᠤ   ᠲᠠᠭᠤᠵᠤ ᠳᠠᠪᠠᠭ᠋ᠤ  ᠠᠭᠤᠷ ᠠᠮᠢᠰᠬᠤᠯ ᠢ ᠤᠯᠠᠮ  ᠦᠳᠭᠡᠷᠡᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号