8 ᠰᠠᠷ᠎ᠠ ᠶᠢᠨ 8 ᠤ ᠡᠳᠦᠷ᠂ ᠠᠷᠪᠠᠨ ᠲᠦᠷᠪᠡᠳᠡᠬᠢ ︽ᠪᠥᠬᠦ ᠠᠷᠠᠳ ᠢᠶᠠᠷ ᠢᠶᠠᠨ ᠴᠢᠭᠢᠷᠠᠭᠵᠢᠬᠤ ᠡᠳᠦᠷ︾ | ᠢ ᠲᠤᠬᠢᠶᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂ | ᠰᠣᠶᠣᠯ ᠲᠠᠮᠢᠷ ᠤᠨ ᠲᠣᠪᠴᠢᠶ᠎ᠠ ᠠᠴᠠ ᠬᠠᠷᠢᠭᠤᠴᠠᠨ ᠡᠷᠭᠢᠯᠡᠭᠰᠡᠨ ︽ᠬᠤᠷᠢᠳᠤᠭᠠᠷ ᠶᠡᠭᠡ ᠬᠤᠷᠠᠯ ᠢᠶᠠᠨ ᠪᠠᠶᠠᠷᠯᠠᠨ | ᠤᠭᠳᠤᠵᠤ ᠰᠢᠨ᠎ᠡ ᠠᠶᠠᠨ ᠵᠠᠮ ᠳᠤ ᠡᠷᠡᠯᠭᠡᠭᠯᠡᠨ ᠤᠷᠤᠭᠰᠢᠯᠠᠶ᠎ᠠ︾ — 2022 ᠲᠠᠶᠢᠹᠤᠰᠧ ᠬᠤᠰᠢᠭᠤᠨ ᠤ ︽ | ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠲᠠᠮᠢᠷ ᠤᠨ ᠴᠤᠭᠯᠠᠭᠠᠨ ᠵᠢᠩᠬᠢᠨᠢ ᠪᠠᠷ ᠡᠬᠢᠯᠡᠭᠰᠡᠨ | ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠮᠠ ᠷᠦᠢ | ᠮᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠬᠡᠰᠢᠭᠲᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠯᠢ ᠱᠣᠸ ᠯᠢᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠶᠦᠩ | ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠡᠨᠡ ᠤᠳᠠᠭᠠᠨ ᠤ ᠲᠠᠮᠢᠷ ᠤᠨ ᠴᠤᠭᠯᠠᠭᠠᠨ ᠳᠤ ᠰᠠᠭᠰᠤᠨ | ᠪᠥᠮᠪᠦᠭᠡ ᠂ ᠬᠥᠯ ᠪᠥᠮᠪᠦᠭᠡ᠂ ᠫᠢᠩᠫᠠᠩ ᠪᠥᠮᠪᠦᠭᠡ ᠂ ᠴᠢᠴᠢᠭᠦᠷ ᠪᠥᠮᠪᠦᠭᠡ᠂ ᠮᠢᠭᠮᠡᠨ ᠰᠢᠳᠠᠷ᠎ᠠ ᠂ ᠬᠢᠲᠠᠳ | ᠰᠢᠳᠠᠷ᠎ᠠ ᠶᠢᠨ ᠤᠷᠤᠯᠳᠤᠭᠠᠨ ᠵᠢᠴᠢ ᠰᠣᠨᠢᠷᠬᠠᠯᠳᠤ ᠨᠠᠭᠠᠳᠤᠮ ᠲᠤᠭᠯᠠᠭᠠᠮ ᠵᠡᠷᠭᠡ ᠣᠯᠠᠨ ᠲᠦᠮᠡᠨ ᠲᠠᠢ | ᠣᠶᠢᠷᠠᠲᠤᠭᠰᠠᠨ᠂ ᠤᠷᠤᠯᠴᠠᠯᠭᠠᠳᠤ ᠴᠢᠨᠠᠷ ᠢᠶᠠᠷ ᠴᠢᠩᠭ᠎ᠠ ᠂ ᠬᠡᠪᠴᠢᠶ᠎ᠡ ᠪᠠᠷ ᠨᠡᠯᠢᠶᠡᠳ ᠶᠡᠭᠡ 7 ᠲᠦᠷᠦᠯ ᠤᠨ | ᠤᠷᠤᠯᠳᠤᠭᠠᠨ ᠨᠠᠭᠠᠳᠤᠮ ᠢ ᠲᠤᠬᠢᠷᠠᠭᠤᠯᠵᠤ᠂ ᠰᠤᠮᠤ ᠰᠢᠶᠠᠩ ᠪᠠᠯᠭᠠᠰᠤ᠂ ᠪᠠᠶᠢᠭᠤᠯᠭ᠎ᠠ ᠨᠢᠬᠡᠴᠡ᠂ ᠠᠵᠤ | ᠠᠬᠤᠶᠢᠯᠠᠯ ᠪᠠ ᠨᠡᠶᠢᠭᠡᠮ ᠤᠨ ᠪᠦᠯᠬᠦᠮ ᠤᠨ ᠵᠤᠬᠢᠶᠠᠨ ᠪᠠᠶᠢᠭᠤᠯᠤᠭᠰᠠᠨ 65 ᠪᠠᠭ ᠤᠨ 764 ᠲᠠᠮᠢᠷᠴᠢᠨ | ᠤᠷᠤᠯᠳᠤᠭᠠᠨ ᠳᠤ ᠤᠷᠤᠯᠴᠠᠭᠰᠠᠨ ᠪᠠᠶᠢᠨ᠎ᠠ᠃ ᠤᠷᠤᠯᠳᠤᠭᠠᠨ ᠤ ᠲᠠᠯᠠᠪᠠᠢ ᠳᠤ ᠤᠷᠢᠶ᠎ᠠ ᠤᠤᠤᠬᠠᠶᠢᠯᠠᠯ ᠤᠨ ᠲᠠᠭᠤᠨ | ᠴᠤᠤᠷᠢᠶᠠᠲᠤᠵᠤ᠂ ᠤᠷᠤᠯᠴᠠᠭᠰᠠᠨ ᠲᠠᠮᠢᠷᠴᠢᠳ ᠨᠢ ᠤᠷᠮ᠎ᠠ ᠵᠤᠷᠢᠭ ᠢᠶᠠᠨ ᠲᠠᠶᠢᠴᠢᠯᠠᠨ ᠦᠷᠢᠰᠦᠯᠳᠦᠵᠦ᠂ | ᠲᠡᠷᠢᠬᠦᠨ ᠮᠠᠩᠯᠠᠢ ᠶᠢ ᠠᠪᠬᠤ ᠪᠠᠷ ᠪᠦᠬᠦ ᠬᠦᠴᠦᠨ ᠢᠶᠠᠷ ᠴᠢᠷᠮᠠᠶᠢᠵᠠᠭᠠᠨ᠎ᠠ ᠃ ᠡᠨᠡ ᠤᠳᠠᠭᠠᠨ ᠤ ᠲᠠᠮᠢᠷ ᠤᠨ | ᠴᠤᠭᠯᠠᠭᠠᠨ ᠨᠢ ᠲᠠᠮᠢᠷ ᠤᠨ ᠬᠦᠳᠡᠯᠭᠡᠭᠡᠨ ᠳᠤ ᠪᠠᠭ᠋ᠠᠲᠠᠢ ᠬᠥᠮᠥᠰ ᠤᠨ ᠬᠤᠭᠤᠷᠣᠨᠳᠣᠬᠢ᠂ ᠪᠠᠶᠢᠭᠤᠯᠭ᠎ᠠ | ᠨᠢᠭᠡᠴᠡ ᠶᠢᠨ ᠬᠠᠮᠲᠤ ᠠᠵᠢᠯᠯᠠᠭᠴᠢᠳ ᠤᠨ ᠬᠤᠭᠤᠷᠣᠨᠳᠣᠬᠢ ᠬᠠᠷᠢᠯᠴᠠᠭ᠎ᠠ ᠰᠣᠯᠢᠯᠴᠠᠭ᠎ᠠ ᠶᠢ ᠤᠯᠠᠮ ᠴᠢᠩᠭᠠᠳᠬᠠᠵᠤ᠂ | ᠡᠷᠡᠭᠦᠯ ᠥᠭᠡᠳᠡᠷᠬᠡᠭ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠤᠯᠠᠮᠵᠢᠯᠠᠨ᠂ ᠪᠥᠬᠦ ᠠᠷᠠᠳ | ᠢᠶᠠᠷ ᠢᠶᠠᠨ ᠴᠢᠬᠢᠷᠠᠭᠵᠢᠬᠤ ᠦᠢᠯᠡᠰ ᠤᠨ ᠲᠦᠷᠭᠡᠨ ᠬᠦᠭᠵᠢᠬᠦ ᠶᠢ ᠵᠢᠯᠤᠭᠤᠳᠤᠨ ᠠᠬᠢᠭᠤᠯᠵᠤ᠂ ᠠᠷᠠᠳ ᠲᠦᠮᠡᠨ ᠢ | ᠲᠠᠶᠢᠴᠢᠯᠠᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ ᠢᠳᠡᠪᠬᠢᠲᠡᠢ ᠣᠷᠣᠯᠴᠠᠭᠤᠯᠵᠤ᠂ ᠠᠷᠠᠳ ᠤᠯᠠᠨ ᠤ | ᠴᠢᠬᠢᠷᠠᠭᠵᠢᠯ ᠤᠨ ᠬᠢᠷᠢ ᠲᠦᠪᠰᠢᠨ ᠪᠠ ᠪᠡᠶ᠎ᠡ ᠮᠠᠬᠠᠪᠤᠳ ᠤᠨ ᠬᠡᠪ ᠴᠢᠨᠠᠷ ᠢ ᠴᠢᠨᠠᠭᠰᠢᠳᠠ ᠲᠡᠭᠡᠭᠰᠢᠯᠡᠬᠦᠯᠬᠦ ᠶᠢ | ᠵᠤᠷᠢᠵᠠᠢ᠃ |