ᠬᠤᠰᠢᠭᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠰᠢᠭᠤ  ᠪᠠᠨ ᠵᠠᠰᠠᠬᠤ ᠵᠥᠪᠯᠡᠯ ᠤᠨ ᠳᠥᠷᠪᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/10
    8 ᠰᠠᠷ᠎ᠠ ᠶᠢᠨ 8 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ᠂  ᠬᠤᠰᠢᠭᠤ ᠨᠠᠮ ᠤᠨ ᠬᠤᠷᠢᠶᠠᠨ  ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠡᠷᠬᠢᠯᠡᠭᠴᠢ ᠵᠣᠣ ᠹᠧᠢ ᠫᠧᠩ  ᠬᠤᠰᠢᠭᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ  ᠠᠵᠢᠯ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠬᠤᠷᠠᠯ  ᠲᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ  ᠵᠦᠪᠯᠡᠯ ᠤᠨ ᠲᠠᠪᠤᠳᠤᠭᠠᠷ ᠬᠤᠷᠠᠯ ᠤᠨ ᠵᠣᠷᠢᠭ ᠰᠠᠨᠠᠭ᠎ᠠ ᠵᠢᠴᠢ ᠠᠶᠢᠮᠠᠭ ᠤᠨ ᠨᠠᠮ ᠤᠨ  ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠠᠶᠢᠮᠠᠭ ᠢᠶᠠᠨ ᠵᠠᠰᠠᠬᠤ ᠵᠦᠪᠯᠡᠯ ᠤᠨ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ᠂ ︽ᠰᠢᠯᠢ ᠶᠢᠨ ᠭᠤᠣᠯ ᠠᠶᠢᠮᠠᠭ ᠤᠨ 2022 ᠣᠨ ᠤ  ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠲᠦᠯᠦᠪᠯᠡᠭᠡ︾   ᠶᠢ ᠤᠯᠠᠮᠵᠢᠯᠠᠨ ᠰᠤᠷᠤᠯᠴᠠᠵᠤ᠂  2021 ᠣᠨ ᠵᠢᠴᠢ 2022 ᠣᠨ ᠤ ᠲᠡᠭᠡᠳᠦ ᠬᠠᠭᠠᠰ ᠵᠢᠯ ᠤᠨ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠤᠨ ᠪᠠᠶᠢᠳᠠᠯ ᠢ ᠰᠤᠨᠤᠰᠤᠭᠰᠠᠨ ᠪᠦᠭᠡᠳ  ᠪᠤᠰᠤᠳ ᠪᠢᠴᠢᠭ ᠮᠠᠲ᠋ᠧᠷᠢᠶᠠᠯ ᠢ ᠬᠢᠨᠠᠨ  ᠵᠦᠪᠯᠡᠵᠡᠢ᠃ ᠬᠤᠷᠠᠯ   ᠠᠴᠠ  ᠂  ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠨ᠂ ᠰᠢ ᠶᠢᠨ ᠫᠢᠩ   ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠵᠥᠪ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠪᠠ ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢᠨ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠡᠩ ᠬᠦᠴᠦᠲᠡᠢ ᠠᠷᠭ᠎ᠠ ᠬᠡᠮᠵᠢᠶ᠎ᠡ᠂ ᠨᠡᠩ ᠪᠣᠳᠠᠲᠠᠢ ᠤᠪᠤᠷ ᠰᠤᠷᠲᠠᠯ ᠢᠶᠠᠷ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠡᠯ᠎ᠡ  ᠲᠦᠷᠦᠯ ᠤᠨ ᠠᠵᠢᠯ  ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂  ︽ᠬᠤᠶᠠᠷ ᠬᠤᠷᠢᠶᠠᠨ︾ ᠤ ᠲᠠᠷᠤᠭ᠎ᠠ᠂ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂  ᠬᠤᠰᠢᠭᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ   ᠪᠠᠷ ᠬᠤᠰᠢᠭᠤ ᠪᠠᠨ ᠵᠠᠰᠠᠬᠤ  ᠵᠦᠪᠯᠡᠯ ᠤᠨ ᠵᠣᠬᠢᠴᠠᠭᠤᠯᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠤ᠂  ᠬᠠᠮᠢᠶ᠎ᠠ ᠪᠦᠬᠦᠢ  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号