ᠬᠤᠰᠢᠭᠤ ᠨᠠᠮ ᠤᠨ ᠬᠤᠷᠢᠶᠠᠨ ᠤ  ᠭᠤᠷᠪᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2022/8/10
   8 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂   ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠢᠶᠧ ᠶᠢᠨ ᠳ᠋ᠦᠩ ᠬᠤᠷᠠᠯ ᠳᠤ ᠣᠷᠣᠯᠴᠠᠵᠤ ᠳᠠᠶᠢᠴᠢᠯᠠᠯᠲᠠ ᠶᠢᠨ ᠶᠠᠷᠢᠶ᠎ᠠ ᠲᠠᠯᠪᠢᠵᠠᠢ᠃ ᠲᠣᠰ ᠡᠭᠡᠯᠵᠢ ᠶᠢᠨ ᠪᠠᠶᠢᠴᠠᠭᠠᠯᠲᠠ ᠳᠤ᠂ 2 ᠲᠤᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ 40 ᠡᠳᠦᠷ ᠤᠨ ᠴᠠᠭ ᠢ ᠠᠰᠢᠭᠯᠠᠨ᠂   4 ᠪᠠᠶᠢᠭᠤᠯᠭ᠎ᠠ ᠨᠢᠭᠡᠴᠡ ᠳᠤ  ᠪᠠᠶᠢᠴᠠᠭᠠᠯᠲᠠ ᠬᠢᠬᠦ ᠪᠠᠷ ᠲᠤᠭᠳᠠᠪᠠ᠃ ᠬᠤᠷᠠᠯ ᠠᠴᠠ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠠᠵᠢᠯ ᠤᠨ  ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂   ︽ᠬᠤᠶᠠᠷ ᠢ ᠬᠠᠮᠠᠭᠠᠯᠠᠬᠤ︾  ᠥᠨᠳᠥᠷᠴᠡ  ᠂ ᠶᠡᠭᠡ ᠲᠠᠯ᠎ᠠ ᠳᠤ ᠦᠢᠯᠡᠴᠢᠯᠡᠬᠦ ᠥᠨᠳᠥᠷᠴᠡ  ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠥᠨᠳᠥᠷᠴᠡ ᠳᠤ ᠵᠤᠭᠰᠤᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠱᠠᠭᠠᠷᠳᠠᠵᠤ ︽ᠲᠦᠷᠪᠡᠨ ᠤᠬᠠᠮᠰᠠᠷ︾   ᠢ ᠴᠢᠩᠭᠠᠳᠬᠠᠨ ᠂ ︽ᠲᠦᠷᠪᠡᠨ ᠢᠲᠡᠭᠡᠯ︾   ᠢ ᠪᠠᠳᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠬᠦᠳ᠂ ᠲᠤᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠬᠤ ᠨᠢᠬᠡᠴᠡ ᠶᠢᠨ ᠬᠠᠷᠢᠭᠤᠴᠠᠯᠭᠠᠲᠠᠨ᠂  ᠲᠤᠰ ᠡᠭᠡᠯᠵᠢ ᠶᠢᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂  ᠲᠤᠰ ᠡᠬᠡᠯᠵᠢ ᠶᠢᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ  ᠪᠠ ᠪᠥᠬᠦ  ᠭᠡᠰᠢᠬᠦᠳ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号