ᠲᠠᠶᠢᠹᠤᠰᠧ ᠬᠤᠰᠢᠭᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠢᠵᠢᠭ ᠰᠡᠷᠭᠡᠶᠢᠯᠡᠯᠳᠡ  ᠪᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/10
    8 ᠰᠠᠷ᠎ᠠ ᠶᠢᠨ 8 ᠤ ᠡᠳᠦᠷ᠂  ᠲᠠᠶᠢᠹᠤᠰᠧ ᠬᠤᠰᠢᠭᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠢᠵᠢᠭ ᠰᠡᠷᠭᠡᠶᠢᠯᠡᠯᠳᠡ ᠪᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ︽ᠰᠢᠯᠢ ᠶᠢᠨ ᠭᠤᠣᠯ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠨᠡᠭᠡᠭᠡᠯᠲᠡ ᠶᠢᠨ ᠲᠣᠭᠤᠷᠢᠭ ᠤᠨ ᠪᠤᠤᠴᠠᠩ ᠠᠵᠤ ᠦᠢᠯᠡᠰ ᠤᠨ ᠬᠦᠷᠢᠶᠡᠯᠡᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠠᠩᠭᠢ ᠪᠠᠶᠢᠭᠤᠯᠬᠤ ᠲᠤᠬᠠᠢ ᠮᠡᠳᠡᠭᠳᠡᠯ︾ ᠢ ᠤᠯᠠᠮᠵᠢᠯᠠᠪᠠ᠃ ᠳᠡᠳ᠋ ᠬᠤᠰᠢᠭᠤ ᠳᠠᠷᠤᠭ᠎ᠠ ᠪᠦᠦ ᠴᠢᠩ ᠱᠠᠨ᠂  ᠨᠡᠭᠡᠭᠡᠯᠲᠡ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ  ᠲᠤᠪᠴᠢᠶᠠᠨ ᠤ ᠳᠠᠷᠤᠭ᠎ᠠ ᠮᠠ ᠵᠥᠩ ᠰᠢᠶᠦ᠋ᠨ ᠬᠤᠷᠠᠯ ᠳᠤ ᠣᠷᠣᠯᠴᠠᠵᠠᠢ᠃ ᠬᠤᠷᠠᠯ ᠠᠴᠠ᠂ ᠡᠯ᠎ᠡ ᠠᠵᠤ ᠠᠬᠤᠶᠢᠯᠠᠯ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠨ ᠬᠢᠵᠦ᠂  ᠭᠤᠣᠯᠳᠠᠯᠭ᠎ᠠ ᠲᠠᠢ ᠬᠥᠮᠥᠰ ᠤᠨ ᠬᠠᠮᠢᠶᠠᠷᠤᠯᠲᠠ ᠶᠢ ᠴᠢᠩᠭᠠᠳᠬᠠᠨ᠂ ᠥᠪᠡᠷ ᠢ ᠪᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ᠂ ᠨᠠᠷᠢᠯᠢᠭ ᠤᠨᠤᠴᠠᠳᠠᠢ᠂  ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠵᠤ᠂ ᠬᠢᠵᠢᠭ ᠰᠡᠷᠭᠡᠶᠢᠯᠡᠯᠳᠡ ᠪᠠ ᠠᠶᠤᠯᠭᠦᠢ ᠦᠢᠯᠡᠳᠪᠦᠷᠢᠯᠡᠯ ᠤᠨ ᠡᠯ᠎ᠡ  ᠲᠦᠷᠦᠯ ᠤᠨ ᠠᠵᠢᠯ ᠢ ᠪᠦᠬᠦ ᠬᠦᠴᠦᠨ ᠢᠶᠠᠷ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠤᠷᠢᠭ᠎ᠠ ᠱᠤᠭᠤᠮ ᠤᠨ ᠤᠬᠠᠮᠰᠠᠷ ᠢᠶᠠᠨ ᠭᠦᠨᠵᠡᠭᠡᠶᠢᠷᠡᠭᠦᠯᠵᠦ᠂ ᠲᠦᠭᠰᠢᠭᠦᠷᠢᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ  ᠨᠡᠮᠡᠭᠳᠡᠬᠦᠯᠦᠨ᠂ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠡᠭᠦᠷᠭᠡ ᠶᠢ ᠲᠤᠳᠤᠷᠬᠠᠶᠢᠯᠠᠨ᠂ ᠭᠤᠣᠯᠳᠠᠯᠭ᠎ᠠ ᠶᠢ ᠲᠤᠪᠤᠶᠢᠯᠭᠠᠵᠤ᠂ ᠠᠷᠭ᠎ᠠ ᠠᠪᠴᠢᠯ ᠢᠶᠠᠨ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠦᠨᠳᠦ ᠶᠡᠭᠡ  ᠤᠰᠤᠯ ᠠᠳᠡᠯ ᠭᠠᠷᠬᠤ ᠶᠢ ᠡᠷᠡᠰ ᠰᠡᠷᠭᠡᠶᠢᠯᠡᠨ᠂ ᠠᠮᠤᠷ ᠲᠦᠪᠰᠢᠨ ᠪᠠ ᠬᠥᠭᠵᠢᠯᠲᠡ ᠶᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠠᠵᠤ ᠠᠬᠤᠶᠢᠯᠠᠯ ᠤᠳ ᠨᠢ  ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠪᠠᠨ ᠴᠢᠩᠭᠠᠳᠬᠠᠵᠤ᠂  ᠣᠷᠴᠢᠨ ᠲᠣᠭᠤᠷᠢᠨ ᠤ  ︽ᠰᠠᠯᠠᠩ᠂  ᠪᠤᠵᠠᠷ᠂  ᠮᠠᠭᠤᠬᠠᠢ︾ ᠦᠵᠡᠭᠳᠡᠯ  ᠢ ᠴᠡᠭᠴᠡᠯᠡᠨ  ᠂  ᠣᠷᠴᠢᠨ ᠲᠣᠭᠤᠷᠢᠨ ᠤ ᠪᠠᠨ  ᠦᠩᠭᠡ ᠲᠦᠷᠬᠦ ᠶᠢ ᠭᠤᠶᠤᠵᠢᠭᠤᠯᠵᠤ᠂  ᠶᠠᠰᠤ ᠴᠢᠨᠠᠷ ᠢ ᠰᠠᠶᠢᠵᠢᠷᠠᠭᠤᠯᠤᠨ᠂   ᠪᠣᠯᠪᠠᠰᠤᠨ ᠬᠤᠲᠠ ᠶᠢ ᠡᠬᠦᠳᠦᠨ  ᠪᠠᠶᠢᠭᠤᠯᠬᠤ ᠳᠤ ᠰᠠᠶᠢᠨ ᠰᠠᠶᠢᠬᠠᠨ ᠠᠬᠤᠢ ᠪᠠᠶᠢᠳᠠᠯ ᠢ ᠪᠣᠶ ᠪᠣᠯᠭᠠᠬᠤ ᠬᠡᠷᠡᠭᠲᠡᠢ  ᠬᠡᠵᠦ ᠴᠢᠬᠤᠯᠠᠴᠢᠯᠠᠭᠰᠠᠨ ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号