8 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ | ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠡᠷᠬᠢᠯᠡᠭᠴᠢ ᠵᠣᠣ ᠹᠧᠢ ᠫᠧᠩ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠨᠠᠢᠮᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠲᠡᠭᠡᠷ᠎ᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠬᠤᠷᠢᠶ᠎ᠠ ᠶᠢᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2022 ᠣᠨ ᠤ ᠠᠵᠢᠯ ᠤᠨ ᠭᠤᠣᠯᠳᠠᠯᠭ᠎ᠠ︾ | ᠶᠢ ᠬᠢᠨᠠᠨ ᠵᠥᠪᠯᠡᠵᠦ᠂ 2017 ᠣᠨ ᠠᠴᠠ ᠨᠠᠰᠢᠬᠢ ᠪᠥᠬᠦ ᠬᠤᠰᠢᠭᠤᠨ ᠤ ᠥᠭᠡᠷᠡᠴᠢᠯᠡᠯᠲᠡ ᠶᠢᠨ ᠡᠭᠦᠷᠭᠡ ᠶᠢ | ᠠᠬᠢᠭᠤᠯᠤᠭᠰᠠᠨ ᠪᠠ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠪᠦᠭᠡᠳ | 2022 ᠣᠨ ᠤ 1 ︱ 7 ᠳ᠋ᠤᠭᠠᠷ ᠰᠠᠷ᠎ᠠ ᠶᠢᠨ ᠥᠭᠡᠷᠡᠴᠢᠯᠡᠯᠲᠡ ᠶᠢᠨ ᠮᠡᠳᠡᠭᠡ ᠵᠠᠩᠭᠢ ᠶᠢᠨ ᠬᠦᠷᠭᠡᠵᠦ | ᠬᠡᠷᠡᠭᠯᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠱᠠᠲᠤᠨ ᠤ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠳᠤ ᠪᠠᠶᠢᠷᠢᠯᠠᠭᠤᠯᠤᠯᠳᠠ ᠬᠢᠵᠡᠢ᠃ ᠵᠣᠣ ᠹᠧᠢ ᠫᠧᠩ | ᠶᠠᠷᠢᠶᠠᠨ ᠳᠠᠭᠠᠨ᠂ ᠡᠨᠡ ᠵᠢᠯ ᠳᠤ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠪᠣᠯᠬᠤᠷ ᠥᠭᠡᠷᠡᠴᠢᠯᠡᠯᠲᠡ | ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠰᠠᠶᠢᠲᠤᠷ ᠬᠢᠬᠦ ᠶᠢᠨ ᠠᠴᠢ ᠬᠤᠯᠪᠣᠭᠳᠠᠯ ᠶᠡᠭᠡ ᠮᠦᠷᠳᠡᠭᠡᠨ | ᠴᠢᠬᠤᠯᠠ ᠡᠬᠦᠷᠭᠡ ᠬᠠᠷᠢᠭᠤᠴᠠᠯᠭ᠎ᠠ ᠬᠦᠨᠳᠦ ᠶᠤᠮ᠃ ᠡᠯ᠎ᠡ ᠲᠤᠰᠬᠠᠢ ᠠᠵᠢᠯ ᠤᠨ ᠳᠤᠭᠤᠶᠢᠯᠠᠩ᠂ ᠡᠯ᠎ᠡ ᠰᠤᠮᠤ | ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠳᠦᠷᠦ ᠶᠢᠨ ᠵᠣᠭᠰᠣᠴᠠ ᠪᠠᠨ ᠴᠢᠨᠠᠭᠰᠢᠳᠠ | ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠤᠬᠠᠮᠰᠠᠷ ᠢᠶᠠᠨ ᠳᠠᠰᠤᠷᠠᠯᠳᠠ ᠦᠭᠡᠢ ᠨᠡᠮᠡᠭᠳᠡᠬᠦᠯᠦᠨ᠂ ᠦᠵᠡᠯ ᠰᠠᠨᠠᠭ᠎ᠠ | ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠪᠣᠳᠠᠲᠠᠢ | ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠠᠷᠭ᠎ᠠ ᠪᠠᠷ ᠬᠦᠴᠢᠷ ᠠᠰᠠᠭᠤᠳᠠᠯ ᠢ | ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠲᠦᠷᠦᠯ ᠵᠦᠢᠯ ᠢᠶᠠᠷ ᠡᠯ᠎ᠡ | ᠲᠠᠯ᠎ᠠ ᠶᠢᠨ ᠥᠭᠡᠷᠡᠴᠢᠯᠡᠯᠲᠡ ᠶᠢᠨ ᠰᠢᠨ᠎ᠡ ᠰᠢᠪᠲᠤᠯᠤᠯᠲᠠ ᠰᠢᠨ᠎ᠡ ᠦᠷ᠎ᠡ ᠪᠦᠲᠦᠮᠵᠢ ᠣᠯᠬᠤ ᠶᠢ ᠲᠠᠶᠢᠴᠢᠯᠠᠨ᠂ | ᠬᠠᠮᠲᠤ ᠶᠢᠨ ᠲᠠᠨᠢᠯᠲᠠ ᠪᠠᠨ ᠨᠡᠮᠡᠭᠳᠡᠭᠦᠯᠵᠦ᠂ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ | ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠵᠦᠪᠯᠡᠯ ᠤᠨ ᠳᠡᠳ᠋ ᠡᠷᠬᠢᠯᠡᠭᠴᠢ᠂ ᠭᠡᠰᠢᠬᠦᠳ᠂ ᠠᠯᠪᠠᠨ ᠭᠡᠷ ᠤᠨ ᠡᠷᠬᠢᠯᠡᠭᠴᠢ᠂ ᠡᠯ᠎ᠡ | ᠲᠤᠰᠬᠠᠢ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠬᠤᠯᠪᠣᠭᠠᠴᠢᠨ᠂ ᠰᠤᠮᠤ ᠰᠢᠶᠠᠩ ᠪᠠᠯᠭᠠᠰᠤᠨ ᠤ | ᠨᠠᠮ ᠤᠨ ᠬᠤᠷᠢᠶᠠᠨ ᠤ ᠱᠦᠵᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠠᠵᠢᠯᠲᠠᠳ | ᠬᠤᠷᠠᠯ ᠳᠤ ᠣᠷᠣᠯᠴᠠᠵᠠᠢ᠃ |