ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠠᠷᠠᠳᠴᠢᠯᠠᠯ ᠢᠶᠠᠷ ᠵᠦᠪᠯᠡᠬᠦ ᠬᠤᠷᠠᠯ ᠬᠢᠭᠰᠡᠨ
ᠨᠡᠶᠢᠲᠡᠯᠡᠭᠰᠡᠨ ᠴᠠᠭ᠄
2022/8/10
  8 ᠰᠠᠷ᠎ᠠ ᠶᠢᠨ 9 ᠤ ᠡᠳᠦᠷ᠂ ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠠᠷᠠᠳᠴᠢᠯᠠᠯ ᠢᠶᠠᠷ ᠵᠥᠪᠯᠡᠬᠦ ᠬᠤᠷᠠᠯ ᠬᠤᠷᠠᠯᠳᠤᠭᠤᠯᠪᠠ᠃ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠢᠦᠢ ᠴᠧᠩ ᠭᠦᠸᠧ ᠬᠤᠷᠠᠯ ᠳᠤ ᠤᠷᠤᠯᠴᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠪᠥᠬᠦ ᠬᠤᠰᠢᠭᠤᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠦᠨᠳᠦᠰᠦᠨ ᠪᠠᠶᠢᠳᠠᠯ  ᠤᠨ ᠲᠤᠬᠠᠢ ᠬᠠᠷᠢᠭᠤ  ᠮᠡᠳᠡᠬᠦᠯᠦᠯᠳᠡ ᠬᠢᠵᠦ᠂ ᠬᠡᠰᠡᠭ ᠨᠡᠶᠢᠭᠡᠮ ᠲᠣᠭᠤᠷᠢᠭ ᠤᠨ ᠲᠥᠯᠥᠭᠡᠯᠡᠭᠴᠢ᠂ ᠠᠳᠠᠯ ᠠᠬᠤᠢ ᠶᠢᠨ ᠺᠣᠮᠫᠠᠨᠢ ᠶᠢᠨ ᠲᠥᠯᠥᠭᠡᠯᠡᠭᠴᠢ᠂  ᠰᠠᠭᠤᠭᠠᠯᠢ ᠠᠷᠠᠳ ᠤᠨ ᠲᠥᠯᠥᠭᠡᠯᠡᠭᠴᠢ ᠠᠴᠠ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠠᠳᠠᠯ ᠠᠬᠤᠢ ᠶᠢᠨ ᠬᠠᠮᠢᠶᠠᠷᠤᠯᠲᠠ ᠶᠢ ᠬᠡᠷᠬᠢᠨ ᠴᠢᠩᠭᠠᠳᠬᠠᠬᠤ ᠲᠤᠬᠠᠢ ᠰᠠᠨᠠᠯ ᠢᠶᠠᠨ ᠰᠤᠯᠢᠯᠴᠠᠵᠠᠢ᠃ ᠬᠤᠷᠠᠯ ᠠᠴᠠ᠂ ᠠᠳᠠᠯ ᠠᠬᠤᠢ ᠶᠢᠨ ᠬᠠᠮᠢᠶᠠᠷᠤᠯᠲᠠ ᠪᠣᠯ ᠨᠢᠭᠡ ᠲᠦᠷᠦᠯ ᠤᠨ ᠠᠷᠠᠳ ᠤᠨ ᠠᠮᠢᠳᠤᠷᠠᠯ ᠤᠨ ᠠᠵᠢᠯ  ᠂ ᠨᠡᠩ ᠴᠤ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠳᠣᠬᠢ ᠪᠠᠶᠢᠳᠠᠯ ᠢ ᠣᠨᠣᠪᠴᠢᠲᠠᠢ ᠡᠵᠡᠮᠳᠡᠨ᠂ ᠠᠵᠢᠯ ᠤᠨ ᠳᠤᠮᠳᠠᠬᠢ ᠬᠦᠷᠦᠯᠴᠡᠬᠦ ᠦᠭᠡᠢ ᠲᠠᠯ᠎ᠠ ᠶᠢ ᠨᠠᠷᠢᠨ ᠬᠢᠨᠠᠮᠠᠭᠠᠢ ᠵᠠᠳᠠᠯᠵᠤ᠂ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠠᠰᠤᠷᠠᠯᠲᠠ ᠦᠭᠡᠢ ᠲᠡᠬᠦᠯᠳᠡᠷᠵᠢᠬᠦᠯᠦᠨ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠥᠷᠥᠯ ᠢ ᠲᠦᠷᠢᠮᠵᠢᠬᠦᠯᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠲᠥᠷᠥᠯ ᠤᠨ ᠬᠢᠨᠠᠯᠲᠠ ᠶᠢ ᠴᠢᠩᠭᠠᠳᠬᠠᠨ᠂ ᠪᠥᠬᠦ ᠬᠤᠰᠢᠭᠤᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠲᠡᠭᠡᠭᠰᠢᠯᠡᠬᠦᠯᠬᠦ ᠭᠡᠷᠡᠭᠳᠡᠢ᠃ ᠡᠭᠦᠨ ᠤ ᠬᠠᠮᠲᠤ ᠂ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠠᠳᠠᠯ ᠠᠬᠤᠢ ᠶᠢᠨ ᠠᠵᠤ ᠠᠬᠤᠶᠢᠯᠠᠯ ᠢ ᠪᠣᠶᠢᠵᠢᠭᠤᠯᠵᠤ᠂ ᠠᠵᠢᠯ ᠲᠥᠷᠥᠯ ᠤᠨ ᠨᠠᠷᠠᠲᠤ ᠲᠡᠮᠳᠡᠭ ᠢ ᠪᠣᠶ ᠪᠣᠯᠭᠠᠨ᠂  ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠳᠠ ᠦᠬᠡᠢ ᠴᠢᠩᠭᠠᠷᠠᠭᠤᠯᠵᠤ᠂ ᠪᠥᠬᠦ ᠬᠤᠰᠢᠭᠤᠨ ᠤ ᠠᠳᠠᠯ ᠠᠬᠤᠢ ᠶᠢᠨ ᠠᠵᠢᠯ ᠲᠥᠷᠥᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠪᠠ ᠶᠠᠰᠤ ᠴᠢᠨᠠᠷ ᠢ ᠲᠡᠭᠡᠭᠰᠢᠯᠡᠬᠦᠯᠦᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠡᠮᠡᠭᠳᠡᠬᠦᠯᠬᠦ ᠭᠡᠷᠡᠭᠳᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号