ᠲᠠᠶᠢᠹᠤᠰᠧ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠶᠢᠨ ᠪᠣᠯᠪᠠᠰᠤᠷᠠᠯ ᠠᠮᠵᠢᠯᠲᠠ ᠲᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2022/8/10
    ᠭᠠᠴᠠᠭ᠎ᠠ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠭᠤᠣᠯᠯᠠᠭᠴᠢ ᠬᠦᠴᠦᠨ ᠢ ᠪᠤᠶᠢᠵᠢᠭᠤᠯᠵᠤ᠂ ᠭᠠᠴᠠᠭ᠎ᠠ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠬᠦᠴᠦᠨ ᠲᠡᠭᠦᠯᠳᠡᠷ ᠴᠢᠳᠠᠪᠤᠷᠢᠲᠠᠨ ᠤ ᠲᠤᠯᠭᠠᠭᠤᠷᠢᠯᠠᠯ  ᠬᠠᠩᠭᠠᠨ᠂  ᠭᠠᠴᠠᠭ᠎ᠠ ᠲᠣᠰᠬᠤᠨ ᠤ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠵᠤ᠂ ᠶᠠᠳᠠᠭᠤ   ᠠᠴᠠ ᠠᠩᠭᠢᠵᠢᠷᠠᠭᠰᠠᠨ ᠡᠷᠦᠬᠡ᠂ ᠬᠦᠴᠢᠷᠳᠡᠯᠲᠡᠢ ᠣᠯᠠᠨ ᠲᠦᠮᠡᠨ ᠢ  ᠴᠢᠨᠠᠭᠰᠢᠳᠠ ᠳᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠵᠦ᠂ ᠠᠯᠬᠤᠮ ᠠᠯᠬᠤᠮ ᠢᠶᠠᠷ ᠴᠢᠨᠡᠭᠡᠯᠢᠭᠵᠢᠬᠦᠯᠬᠦ ᠶᠢᠨ ᠲᠦᠯᠦᠭᠡ᠂ 7 ᠰᠠᠷ᠎ᠠ ᠶᠢᠨ 30 ᠤ ᠡᠳᠦᠷ ᠠᠴᠠ 8 ᠰᠠᠷ᠎ᠠ ᠶᠢᠨ 5 ᠤ ᠡᠳᠦᠷ ᠪᠣᠯᠲᠠᠯ᠎ᠠ᠂  ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠶᠢᠨ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠢ ᠡᠷᠭᠢᠯᠡᠵᠦ᠂ ᠬᠢᠴᠢᠶᠡᠯ ᠤᠨ ᠲᠠᠩᠬᠢᠮ ᠳᠤ ᠬᠢᠴᠢᠶᠡᠯᠯᠡᠬᠦ ᠪᠠ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠶᠢ ᠤᠶᠠᠯᠳᠤᠭᠤᠯᠤᠭᠰᠠᠨ ᠠᠷᠭ᠎ᠠ  ᠬᠡᠯᠪᠡᠷᠢ ᠪᠠᠷ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠶ  ᠂ ᠳᠠᠷᠢᠵᠤ ᠮᠠᠯᠵᠢᠬᠤ ᠲᠣᠮᠣ ᠡᠷᠦᠬᠡ᠂  ᠪᠠᠶᠠᠵᠢᠯ ᠤᠨ ᠲᠠᠭᠠᠭᠤᠯᠤᠭᠴᠢ ᠪᠠᠷ ᠪᠦᠷᠢᠯᠳᠦᠭᠰᠡᠨ 60 ᠭᠠᠷᠤᠢ ᠬᠥᠮᠥᠨ ᠳᠤ ᠪᠣᠯᠪᠠᠰᠤᠷᠠᠯ  ᠬᠦᠷᠳᠡᠭᠡᠵᠡᠢ᠃ ᠪᠣᠯᠪᠠᠰᠤᠷᠠᠯ ᠤᠨ ᠬᠤᠭᠤᠴᠠᠭᠠᠨ ᠳᠤ᠂ ᠤᠷᠢᠳ ᠬᠤᠵᠢᠳ  ᠬᠤᠰᠢᠭᠤᠨ ᠤ ᠨᠠᠮ ᠤᠨ ᠰᠤᠷᠭᠠᠭᠤᠯᠢ᠂ ᠳᠣᠯᠣᠨ  ᠨᠤᠤᠷ ᠰᠢᠶᠠᠨ ᠤ ᠰᠢᠨ ᠭᠠᠩ ᠳᠤᠮᠳᠠ ᠪᠠᠭ᠎ᠠ ᠠᠵᠤ ᠠᠬᠤᠶᠢᠯᠠᠯ ᠤᠨ ᠨᠡᠪᠴᠢᠬᠦᠯᠦᠯᠳᠡ ᠶᠢᠨ ᠬᠦᠷᠢᠶᠡᠯᠡᠩ᠂ ᠰᠢᠯᠤᠭᠤᠨ ᠬᠥᠬᠡ ᠬᠤᠰᠢᠭᠤᠨ ᠤ ᠱᠠᠩᠳᠤ ᠨᠠᠭᠤᠷ ᠠᠮᠢ ᠠᠬᠤᠢ ᠶᠢᠨ ᠮᠠᠯᠵᠢᠯ ᠤᠨ ᠲᠠᠯᠠᠪᠠᠶ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠤᠯᠠᠭᠠᠢ  ᠬᠠᠮᠢᠶᠠᠷᠤᠯᠲᠠ ᠶᠢᠨ ᠣᠷᠣᠨ ᠤ ᠤᠯᠠᠭᠠᠨᠴᠠᠪ ᠭᠠᠴᠠᠭᠠᠨ ᠤ ᠠᠷᠠᠳ ᠤᠨ ᠵᠥᠪᠯᠡᠯ᠂ ᠰᠢᠯᠢᠩᠬᠤᠲᠠ ᠶᠢᠨ ᠵᠢᠶᠠ ᠸᠧ ᠶᠤᠸᠠᠨ ᠠᠮᠢ ᠠᠬᠤᠢ ᠶᠢᠨ ᠲᠠᠷᠢᠶᠠᠯᠠᠩ ᠤᠨ  ᠮᠡᠷᠭᠡᠵᠢᠯ ᠤᠨ ᠬᠦᠷᠢᠶᠡᠯᠡᠩ ᠵᠡᠷᠭᠡ ᠭᠠᠵᠠᠷ ᠲᠤ ᠬᠢᠴᠢᠶᠡᠯ ᠤᠨ ᠲᠠᠩᠬᠢᠮ ᠤᠨ ᠣᠨᠣᠯ ᠤᠨ ᠪᠣᠯᠪᠠᠰᠤᠷᠠᠯ ᠬᠢᠭᠰᠡᠨ ᠤ ᠬᠠᠮᠳᠤ᠂ ᠲᠤᠬᠠᠢ ᠶᠢᠨ ᠭᠠᠵᠠᠷ  ᠲᠤᠨᠢ ᠲᠣᠭᠤᠷᠢᠨ ᠦᠵᠡᠬᠦᠯᠵᠦ᠂ ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠶᠢᠨ ᠥᠩᠭᠡᠷᠡᠯᠲᠡ  ᠪᠠ ᠦᠢᠯᠡᠰ ᠪᠦᠳᠦᠭᠡᠭᠰᠡᠨ ᠦᠯᠢᠭᠡᠷ ᠵᠢᠱᠢᠶ᠎ᠡ ᠶᠢ ᠪᠦᠬᠦ ᠲᠠᠯ᠎ᠠ  ᠪᠠᠷ ᠤᠶᠢᠯᠠᠭᠠᠭᠤᠯᠤᠨ᠂ ᠰᠢᠨᠵᠢᠯᠡᠬᠦ ᠤᠬᠠᠭᠠᠨᠴᠢ ᠪᠠᠷ ᠮᠠᠯᠵᠢᠬᠤ   ᠂ ᠡᠪᠡᠳᠴᠢᠨ ᠬᠢᠵᠢᠭ ᠢ ᠰᠡᠷᠭᠡᠶᠢᠯᠡᠬᠦ᠂ ᠡᠪᠡᠰᠦ ᠪᠤᠷᠳᠤᠭ᠎ᠠ ᠭᠡᠷᠡᠭᠯᠡᠬᠦ᠂  ᠮᠠᠯᠵᠢᠯ ᠤᠨ ᠲᠠᠯᠠᠪᠠᠶ ᠶᠢ ᠪᠠᠶᠢᠭᠤᠯᠬᠤ  ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠵᠠᠭᠪᠤᠷ᠂ ᠠᠰᠢᠭ ᠲᠤᠰᠠ ᠶᠢᠨ ᠬᠤᠯᠪᠤᠭᠳᠠᠯ ᠤᠨ ᠲᠣᠭᠲᠠᠴᠠ᠂ ᠭᠠᠵᠠᠷ ᠰᠢᠷᠣᠢ ᠲᠦᠷᠢᠶᠡᠰᠦᠯᠡᠬᠦ ᠬᠡᠯᠪᠡᠷᠢ ᠵᠡᠷᠭᠡ ᠨᠡᠶᠢᠲᠡᠯᠢᠭ ᠠᠷᠭ᠎ᠠ ᠲᠤᠷᠰᠢᠯᠭ᠎ᠠ ᠶᠢ  ᠰᠤᠷᠤᠯᠴᠠᠭᠤᠯᠵᠤ ᠡᠵᠡᠮᠰᠢᠬᠦᠯᠦᠭᠰᠡᠨ ᠪᠠᠶᠢᠨ᠎ᠠ᠃   ᠪᠣᠯᠪᠠᠰᠤᠷᠠᠯ ᠳᠤ ᠤᠷᠤᠯᠴᠠᠭᠰᠠᠳ  ᠶᠡᠬᠡᠬᠡᠨ ᠤᠯᠤᠯᠳᠠ ᠲᠠᠢ ᠪᠤᠯᠤᠭᠰᠠᠨ ᠢᠶᠠᠨ ᠮᠡᠳᠡᠷᠡᠵᠦ᠂   ᠰᠤᠷᠴᠤ ᠡᠵᠡᠮᠰᠢᠭᠰᠡᠨ ᠮᠡᠳᠡᠯᠭᠡ  ᠮᠡᠷᠭᠡᠵᠢᠯ ᠠᠷᠭ᠎ᠠ ᠲᠤᠷᠰᠢᠯᠭ᠎ᠠ ᠪᠠᠨ ᠲᠤᠬᠠᠢ ᠶᠢᠨ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠪᠤᠯᠵᠤ᠂ ᠲᠠᠶᠢᠹᠤᠰᠧ ᠬᠤᠰᠢᠭᠤᠨ ᠤ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号