ᠬᠤᠰᠢᠭᠤ ᠨᠠᠮ ᠤᠨ ᠬᠤᠷᠢᠶᠠᠨ ᠤ 44 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/11
   8 ᠰᠠᠷ᠎ᠠ ᠶᠢᠨ 10 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ  44 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂  2022 ᠣᠨ ᠠᠴᠠ ᠨᠠᠰᠢᠬᠢ ᠦᠨᠳᠦᠰᠦᠲᠡᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠪᠠ᠃ ᠯᠢ ᠵᠠᠨ ᠷᠦᠢ᠂ ᠶᠠᠩ ᠶᠢᠨ ᠮᠢᠩ ᠬᠤᠷᠠᠯ ᠳᠤ ᠰᠤᠯᠠ ᠤᠷᠤᠯᠴᠠᠵᠠᠢ᠃ ᠵᠣᠣ ᠹᠧᠢ ᠫᠧᠩ ᠵᠢᠭᠠᠵᠤ ᠭᠠᠷᠭᠠᠬᠤ ᠳᠠᠭᠠᠨ᠂ ᠦᠨᠳᠦᠰᠦᠲᠡᠨ ᠤ ᠠᠵᠢᠯ   ᠢ ᠴᠢᠩᠭᠠᠳᠬᠠᠨ ᠰᠠᠶᠢᠵᠢᠷᠠᠭᠤᠯᠬᠤ ᠲᠤᠬᠠᠢ  ᠶᠡᠷᠦᠩᠬᠡᠢ ᠱᠦᠵᠢ  ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠵᠦᠪ ᠣᠨᠣᠪᠴᠢᠲᠠᠶ ᠡᠵᠡᠮᠳᠡᠨ ᠪᠥᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ  ᠬᠤᠷᠢᠶᠠᠨ ᠤ ᠰᠢᠢᠳᠪᠦᠷᠢᠲᠦ ᠪᠣᠳᠣᠯᠭ᠎ᠠ   ᠶᠢᠨ ᠪᠠᠶᠢᠷᠢᠯᠠᠭᠤᠯᠤᠯᠲᠠ   ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ   ᠶᠢᠨ ᠦᠨᠳᠦᠰᠦᠲᠡᠨ ᠤ ᠬᠠᠮᠲᠤ   ᠶᠢᠨ ᠴᠣᠭᠴᠠ   ᠶᠢᠨ ᠤᠬᠠᠮᠰᠠᠷ   ᠢ ᠪᠠᠳᠤᠳᠬᠠᠬᠤ ᠪᠠᠷ ᠭᠤᠣᠯ ᠰᠢᠵᠢᠮ ᠪᠤᠯᠭᠠᠨ᠂  ᠡᠯ᠎ᠡ  ᠲᠦᠷᠦᠯ  ᠤᠨ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠦᠨᠳᠦᠰᠦᠲᠡᠨ ᠤ ᠠᠵᠢᠯ ᠢ ᠰᠠᠶᠢᠲᠤᠷ ᠠᠳᠬᠤᠬᠤ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠪᠣᠳᠠᠲᠤ ᠦᠢᠯᠡᠳᠦᠯᠭᠡ ᠪᠤᠯᠭᠠᠨ᠂  ᠨᠠᠮ ᠤᠨ ᠦᠨᠳᠦᠰᠦᠲᠡᠨ ᠤ ᠠᠵᠢᠯ ᠳᠠᠬᠢ ᠤᠯᠤᠰ ᠲᠦᠷᠦ ᠶᠢᠨ ᠤᠳᠤᠷᠢᠳᠤᠯᠭ᠎ᠠ᠂ ᠦᠵᠡᠯ ᠰᠠᠨᠠᠭᠠᠨ ᠤ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠤᠭᠰᠠᠨ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠤᠭᠰᠠᠨ᠂  ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ  ᠵᠤᠬᠢᠴᠠᠭᠤᠯᠤᠭᠰᠠᠨ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠳᠤᠳᠬᠠᠵᠤ ᠬᠠᠮᠵᠢᠯᠴᠠᠭᠰᠠᠨ  ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠤᠷᠤᠯᠴᠠᠭᠰᠠᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠪᠠᠶᠢᠷᠢᠰᠢᠯ ᠢ  ᠪᠦᠷᠢᠯᠳᠦᠬᠦᠯᠬᠦ ᠭᠡᠷᠡᠭᠳᠡᠢ ᠬᠡᠪᠡ᠃  ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号