ᠲᠠᠶᠢᠹᠤᠰᠧ ᠬᠤᠰᠢᠭᠤᠨ ᠤ ︽ᠪᠥᠬᠦ ᠠᠷᠠᠳ ᠢᠶᠠᠷ ᠢᠶᠠᠨ ᠴᠢᠭᠢᠷᠠᠭᠵᠢᠬᠤ︾ ᠲᠠᠮᠢᠷ ᠤᠨ ᠴᠤᠭᠯᠠᠭᠠᠨ ᠠᠮᠵᠢᠯᠲᠠ ᠲᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2022/8/11
    8 ᠰᠠᠷ᠎ᠠ ᠶᠢᠨ 10 ᠤ ᠡᠳᠦᠷ᠂ ︽ᠬᠤᠷᠢᠳᠤᠭᠠᠷ ᠶᠡᠭᠡ ᠬᠤᠷᠠᠯ  ᠢᠶᠠᠨ ᠪᠠᠶᠠᠷᠯᠠᠨ ᠤᠭᠳᠤᠵᠤ᠂ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠶ᠎ᠠ︾ — 2022 ᠲᠠᠶᠢᠹᠤᠰᠧ ᠬᠤᠰᠢᠭᠤᠨ ᠤ  ︽ᠪᠡᠶ᠎ᠡ ᠶᠢᠨ ᠲᠠᠮᠢᠷ ᠤᠨ ᠱᠠᠩᠨᠠᠯᠲᠤ  ᠰᠤᠭᠤᠯᠤᠭ᠎ᠠ ᠬᠤᠨᠳᠠᠭᠠᠲᠤ︾ ᠪᠥᠬᠦ ᠠᠷᠠᠳ ᠢᠶᠠᠷ ᠢᠶᠠᠨ ᠴᠢᠬᠢᠷᠠᠭᠵᠢᠬᠤ ᠲᠠᠮᠢᠷ ᠤᠨ ᠴᠤᠭᠯᠠᠭᠠᠨ ᠲᠡᠭᠦᠰ ᠠᠮᠵᠢᠯᠲᠠ ᠲᠠᠢ  ᠦᠨᠳᠦᠷᠯᠡᠵᠦ᠂  ᠬᠤᠰᠢᠭᠤᠨ ᠤ ᠤᠳᠤᠷᠢᠳᠤᠯᠭ᠎ᠠ ᠮᠠ ᠷᠦᠢ ᠮᠠᠨ᠂ ᠬᠡᠰᠢᠭᠲᠦ᠂ ᠯᠢ ᠱᠣᠸ ᠯᠢᠨ᠂ ᠵᠣᠣ ᠶᠦᠩ ᠲᠡᠭᠦᠰᠬᠦ ᠶᠣᠰᠣᠯᠠᠯ ᠳᠤ ᠤᠷᠤᠯᠴᠠᠨ ᠱᠠᠩᠨᠠᠯ ᠭᠠᠷᠳᠠᠭᠤᠯᠪᠠ᠃   ᠡᠨᠡ ᠤᠳᠠᠭᠠᠨ ᠤ ᠲᠠᠮᠢᠷ ᠤᠨ ᠴᠤᠭᠯᠠᠭᠠᠨ ᠳᠤ ᠰᠤᠮᠤ ᠰᠢᠶᠠᠩ ᠪᠠᠯᠭᠠᠰᠤ᠂  ᠪᠠᠶᠢᠭᠤᠯᠭ᠎ᠠ ᠨᠢᠭᠡᠴᠡ᠂  ᠠᠵᠤ ᠠᠬᠤᠶᠢᠯᠠᠯ᠂ ᠨᠡᠶᠢᠭᠡᠮ ᠤᠨ ᠪᠦᠯᠬᠦᠮ ᠤᠨ ᠬᠢᠨ ᠤ ᠵᠤᠬᠢᠶᠠᠨ ᠪᠠᠶᠢᠭᠤᠯᠤᠭᠰᠠᠨ 65 ᠠᠩᠬᠢ ᠶᠢᠨ ᠤᠨ764 ᠲᠠᠮᠢᠷᠴᠢᠨ ᠤᠷᠤᠯᠴᠠᠵᠤ᠂ ᠬᠤᠶᠠᠷ ᠡᠳᠦᠷ ᠤᠨ ᠬᠤᠷᠴᠠ ᠰᠢᠷᠦᠬᠦᠨ ᠥᠷᠢᠰᠦᠯᠳᠦᠭᠡᠨ ᠢᠶᠠᠷ ᠳᠠᠮᠵᠢᠭᠠᠳ᠂ ᠠᠩᠬᠠᠳᠤᠭᠠᠷ ᠬᠤᠭᠤᠴᠠᠭᠠᠨ ᠤ ᠰᠣᠨᠢᠷᠬᠠᠯᠳᠤ ᠤᠷᠤᠯᠳᠤᠭᠠᠨ ᠨᠠᠭᠠᠳᠤᠮ᠂ ᠲᠠᠪᠤᠳᠤᠭᠠᠷ ᠬᠤᠭᠤᠴᠠᠭᠠᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠰᠠᠭᠰᠤᠨ ᠪᠥᠮᠪᠦᠭᠡ ᠶᠢᠨ ᠢᠯᠡ ᠤᠷᠤᠯᠳᠤᠭᠠᠨ᠂ ᠶᠢᠰᠦᠳᠦᠭᠡᠷ ᠬᠤᠭᠤᠴᠠᠭᠠᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠫᠢᠩᠫᠠᠩ ᠪᠥᠮᠪᠦᠭᠡ ᠶᠢᠨ ᠢᠯᠡ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠮᠢᠭᠮᠡᠨ ᠰᠢᠳᠠᠷ᠎ᠠ ᠶᠢᠨ ᠨᠡᠶᠢᠭᠡᠮ ᠲᠣᠭᠤᠷᠢᠭ ᠤᠨ ᠤᠷᠤᠯᠳᠤᠭᠠᠨ᠂ ᠲᠠᠪᠤᠳᠤᠭᠠᠷ ᠬᠤᠭᠤᠴᠠᠭᠠᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠳᠤᠮᠳᠠᠳᠤ ᠮᠠᠶ᠋ᠢᠭ ᠤᠨ ᠴᠢᠴᠢᠭᠦᠷ ᠪᠥᠮᠪᠦᠭᠡ ᠶᠢᠨ ᠢᠯᠡ ᠤᠷᠤᠯᠳᠤᠭᠠᠨ᠂ ᠬᠤᠶᠠᠳᠤᠭᠠᠷ ᠬᠤᠭᠤᠴᠠᠭᠠᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠬᠢᠳᠠᠳ ᠰᠢᠲᠠᠷ᠎ᠠ ᠶᠢᠨ ᠢᠯᠡ ᠤᠷᠤᠯᠳᠤᠭᠠᠨ ᠵᠡᠷᠭᠡ 7 ᠲᠦᠷᠦᠯ ᠤᠨ ᠤᠷᠤᠯᠳᠤᠭᠠᠨ ᠳᠤ ᠨᠡᠶᠢᠲᠡ 51 ᠱᠠᠩᠨᠠᠯ  ᠲᠤᠬᠢᠷᠠᠭᠤᠯᠤᠭᠰᠠᠨ ᠪᠠᠶᠢᠨ᠎ᠠ᠃      ᠬᠦᠨᠪᠤᠯᠠᠭ ᠬᠥᠯ ᠪᠥᠮᠪᠦᠭᠡ ᠶᠢᠨ ᠠᠩᠭᠢ ᠶᠢᠨ ᠭᠡᠰᠢᠭᠦᠨ ᠪᠦᠳᠦᠭᠡᠭᠴᠢ᠄  ︽ᠡᠨᠡ ᠤᠳᠠᠭᠠᠨ ᠤ  ᠲᠠᠮᠢᠷ ᠤᠨ ᠴᠤᠭᠯᠠᠭᠠᠨ ᠤ ᠬᠥᠯ ᠪᠥᠮᠪᠦᠭᠡ ᠶᠢᠨ ᠢᠯᠡ ᠤᠷᠤᠯᠳᠤᠭᠠᠨ ᠳᠤ ᠮᠠᠨ ᠤ ᠰᠤᠮᠤᠨ ᠤ 2 ᠪᠠᠭ ᠤᠷᠤᠯᠴᠠᠭᠠᠳ᠂  ᠨᠡᠶᠢᠬᠡᠮ ᠤᠨ ᠲᠤᠭᠤᠶᠢᠯᠠᠩ ᠪᠤᠯᠤᠨ ᠠᠯᠪᠠᠨ ᠪᠠᠶᠢᠭᠤᠯᠭ᠎ᠠ ᠶᠢᠨ ᠲᠤᠭᠤᠶᠢᠯᠠᠩ ᠳᠠᠭᠠᠨ ᠲᠤᠰᠪᠤᠷᠢ ᠮᠠᠩᠯᠠᠶᠢᠯᠠᠵᠤ᠂ ᠮᠠᠰᠢ ᠰᠠᠶᠢᠨ ᠬᠢᠷᠢ ᠪᠦᠲᠦᠮᠵᠢ ᠣᠯᠵᠠᠢ᠃  ᠬᠤᠶᠢᠰᠢᠳᠠ ᠪᠢᠳᠡ ᠴᠢᠷᠮᠠᠶᠢᠭᠰᠠᠨ ᠲᠡᠭᠡᠷ᠎ᠡ ᠪᠠᠨ ᠴᠢᠷᠮᠠᠶᠢᠵᠤ᠂  ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠦᠷᠭᠦᠯᠵᠢᠯᠡᠨ ᠢᠯᠡᠷᠡᠭᠦᠯᠵᠦ᠂  ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ︾᠃    ᠢ ᡁᠢ ᠮᠢᠭᠮᠡᠨ ᠰᠢᠳᠠᠷ᠎ᠠ ᠶᠢᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠭᠤᠸᠠᠨ ᠰᠢᠩ ᠯᠢᠨ᠄ ︽ᠮᠠᠨ ᠤ ᠨᠡᠶᠢᠭᠡᠮᠯᠢᠭ ᠠᠴᠠ 50 ᠬᠦᠮᠦᠨ ᠡᠨᠡ ᠤᠳᠠᠭᠠᠨ ᠤ ᠤᠷᠤᠯᠳᠤᠭᠠᠨ ᠳᠤ ᠤᠷᠤᠯᠴᠠᠭᠰᠠᠨ᠂ ᠮᠠᠨ ᠤ ᠵᠣᠷᠢᠯᠲᠠ ᠪᠣᠯ ︽ ᠮᠢᠭᠮᠡᠨ ᠰᠢᠳᠠᠷ᠎ᠠ ᠶᠢᠨ ᠦᠢᠯᠡᠰ ᠢ ᠬᠥᠭᠵᠢᠭᠦᠯᠵᠦ᠂ ᠵᠠᠯᠠᠭᠤ ᠪᠠᠭᠠᠴᠤᠳ ᠢ ᠬᠥᠮᠥᠵᠢᠭᠦᠯᠬᠦ ᠶᠠᠪᠤᠳᠠᠯ ᠪᠣᠯᠣᠨ᠎ᠠ᠂ ᠳᠠᠷᠠᠭᠠᠴᠢ ᠶᠢᠨ ᠠᠯᠬᠤᠮ ᠳᠤ  ᠪᠢᠳᠡ ᠨᠡᠶᠢᠭᠡᠮ ᠲᠣᠭᠤᠷᠢᠭ ᠲᠤ ᠬᠦᠨᠵᠡᠬᠡᠶᠢᠷᠡᠵᠦ᠂ ᠨᠡᠩ ᠣᠯᠠᠨ ᠬᠦᠮᠦᠰ ᠲᠤ ᠮᠢᠭᠮᠡᠨ ᠰᠢᠳᠠᠷ᠎ᠠ ᠶᠢ  ᠲᠠᠨᠢᠭᠤᠯᠤᠨ᠂  ᠮᠢᠭᠮᠡᠨ ᠰᠢᠳᠠᠷ᠎ᠠ ᠶᠢᠨ ᠰᠣᠶᠣᠯ ᠢ ᠤᠯᠠᠮ ᠴᠢᠨᠠᠭᠰᠢᠳᠠ ᠲᠡᠯᠬᠡᠷᠡᠬᠦᠯᠦᠨ ᠬᠥᠭᠵᠢᠭᠦᠯᠵᠦ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠬᠤ ᠪᠠᠷ ᠴᠢᠷᠮᠠᠶᠢᠨ᠎ᠠ︾᠃    ᠲᠠᠶᠢᠹᠤᠰᠧ ᠬᠤᠰᠢᠭᠤ ᠨᠢ ᠡᠨᠡ ᠤᠳᠠᠭᠠᠨ ᠤ ᠲᠠᠮᠢᠷ ᠤᠨ ᠴᠤᠭᠯᠠᠭᠠᠨ ᠢᠶᠠᠷ ᠠᠵᠠ ᠲᠣᠬᠢᠶᠠᠯ ᠪᠣᠯᠭᠠᠵᠤ᠂ ᠪᠦᠬᠦ ᠠᠷᠠᠳ ᠢᠶᠠᠷ ᠢᠶᠠᠨ ᠴᠢᠬᠢᠷᠠᠭᠵᠢᠬᠤ ᠶᠢ ᠤᠯᠠᠮ ᠴᠢᠨᠠᠭᠰᠢᠳᠠ ᠠᠬᠢᠭᠤᠯᠤᠨ᠂ ᠠᠷᠠᠳ ᠲᠦᠮᠡᠨ ᠤ ᠪᠡᠶ᠎ᠡ ᠮᠠᠬᠠᠪᠤᠳ ᠢ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠦᠨᠳᠦᠰᠦᠨ ᠬᠠᠷᠠᠯᠲᠠ ᠪᠣᠯᠭᠠᠵᠤ᠂ ᠪᠥᠬᠦ ᠬᠤᠰᠢᠭᠤᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠪᠥᠬᠦ ᠠᠷᠠᠳ ᠢᠶᠠᠷ ᠢᠶᠠᠨ ᠴᠢᠭᠢᠷᠠᠭᠵᠢᠬᠤ ᠶᠢ ᠨᠢᠭᠡ  ᠲᠦᠷᠦᠯ ᠤᠨ ᠬᠡᠪᠰᠢᠭᠰᠡᠨ ᠠᠮᠢᠳᠤᠷᠠᠯ ᠤᠨ ᠠᠷᠭ᠎ᠠ ᠮᠠᠶ᠋ᠢᠭ ᠪᠤᠯᠭᠠᠨ᠂ ᠠᠮᠢᠳᠤᠷᠠᠯ ᠳᠤ ᠬᠠᠶᠢᠷᠠᠲᠠᠢ᠂ ᠡᠷᠡᠭᠦᠯ ᠴᠢᠬᠢᠷᠠᠭ ᠢ ᠡᠷᠬᠢᠮᠯᠡᠳᠡᠭ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠠᠷᠠᠳ ᠤᠨ ᠴᠢᠬᠢᠷᠠᠭᠵᠢᠯ ᠪᠠ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ  ᠠᠬᠢᠭᠤᠯᠤᠨ᠂  ᠪᠡᠶ᠎ᠡ ᠶᠢᠨ ᠲᠠᠮᠢᠷ ᠤᠨ ᠦᠢᠯᠡᠰ ᠤᠨ ᠡᠷᠡᠭᠦᠯ ᠢᠶᠠᠷ ᠬᠥᠭᠵᠢᠬᠦ ᠳᠤ ᠬᠦᠴᠦᠲᠡᠢ ᠬᠥᠳᠡᠯᠭᠡᠭᠦ ᠬᠦᠴᠦᠨ  ᠨᠡᠮᠡᠷᠢᠯᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号