ᠵᠣᠣ ᠹᠧᠢ ᠫᠧᠩ ᠬᠢᠵᠢᠭ ᠰᠡᠷᠭᠡᠶᠢᠯᠡᠬᠦ ᠨᠢᠬᠡᠳᠦᠭᠡᠷ ᠹᠠᠷᠤᠨᠲ ᠤᠨ ᠠᠵᠢᠯᠳᠠᠳ ᠢ ᠬᠠᠯᠠᠮᠵᠢᠯᠠᠨ ᠲᠤᠬᠤᠨᠢᠭᠤᠯᠤᠭᠰᠠᠨ
ᠨᠡᠶᠢᠲᠡᠯᠡᠭᠰᠡᠨ ᠴᠠᠭ᠄
2022/8/12
 8 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ  ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ᠂  ᠬᠤᠰᠢᠭᠤ ᠡᠮᠨᠡᠯᠭᠡ ᠶᠢᠨ ᠬᠤᠷᠢᠶ᠎ᠠ᠂  ᠵᠠᠮ ᠬᠠᠷᠢᠯᠴᠠᠭᠠᠨ ᠤ  ᠪᠠᠶᠢᠴᠠᠭᠠᠬᠤ ᠴᠡᠭ ᠵᠡᠷᠭᠡ ᠬᠢᠵᠢᠭ ᠰᠡᠷᠭᠡᠶᠢᠯᠡᠬᠦ ᠠᠵᠢᠯ ᠤᠨ ᠨᠢᠬᠡᠳᠦᠭᠡᠷ ᠹᠠᠷᠤᠨᠲ ᠳᠤ ᠬᠦᠨᠵᠡᠬᠡᠶᠢᠷᠡᠵᠦ᠂  ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠢᠭᠡᠳᠦᠭᠡᠷ ᠹᠷᠣᠨᠲ ᠤᠨ ᠺᠠᠳᠠᠷ ᠠᠵᠢᠯᠳᠠᠨ ᠡᠮᠴᠢ ᠰᠤᠪᠢᠯᠠᠭᠴᠢ ᠴᠡᠷᠢᠭ ᠴᠠᠭᠳᠠᠭ᠎ᠠ ᠨᠠᠷ ᠲᠤ  ᠬᠦᠨᠳᠦᠳᠬᠡᠯ  ᠲᠡᠪᠰᠢᠬᠦᠯᠦᠨ᠂  ᠲᠤᠬᠤᠨᠢᠭᠤᠯᠭ᠎ᠠ ᠶᠢᠨ ᠪᠣᠳᠠᠰ ᠬᠦᠷᠭᠡᠭᠰᠡᠨ ᠪᠠᠶᠢᠨ᠎ᠠ᠃ ᠵᠣᠣ ᠹᠧᠢ ᠫᠧᠩ ᠲᠤᠬᠤᠨᠢᠭᠤᠯᠬᠤ ᠶᠠᠪᠤᠴᠠ ᠳᠠᠭᠠᠨ᠂ ᠪᠥᠭᠡᠮ ᠬᠦᠴᠢᠯ   ᠤᠨ ᠪᠠᠶᠢᠴᠠᠭᠠᠯᠳᠠ  ᠪᠣᠯ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠬᠠᠮᠤᠭ ᠤᠨ ᠴᠢᠬᠤᠯᠠ ᠨᠢᠭᠡ ᠭᠤᠭᠴᠤᠭ᠎ᠠ  ᠶᠤᠮ᠂ ᠡᠷᠭᠡᠪᠰᠢ  ᠠᠵᠢᠯ ᠤᠨ ᠶᠠᠪᠤᠴᠠ ᠪᠠᠨ ᠤᠯᠠᠮ ᠰᠢᠯᠢᠳᠡᠭᠵᠢᠭᠦᠯᠵᠦ᠂ ᠠᠵᠢᠯ ᠤᠨ ᠬᠦᠴᠦᠨ   ᠢᠶᠠᠨ ᠵᠦᠢ ᠵᠣᠬᠢᠰᠲᠠᠢ ᠲᠤᠬᠢᠷᠠᠭᠤᠯᠤᠨ᠂ ᠪᠠᠶᠢᠴᠠᠭᠠᠨ ᠰᠢᠯᠭᠠᠬᠤ  ᠬᠢᠷᠢ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠮ ᠬᠠᠷᠢᠯᠴᠠᠭᠠᠨ ᠤ ᠪᠠᠶᠢᠴᠠᠭᠠᠬᠤ ᠴᠡᠭ ᠪᠣᠯ  ᠡᠪᠡᠳᠴᠢᠨ ᠬᠢᠵᠢᠭ ᠤᠨ ︽ᠭᠠᠳᠠᠭᠠᠳᠤ ᠠᠴᠠ ᠣᠷᠣᠬᠤ ᠶᠢ ᠰᠡᠷᠭᠡᠶᠢᠯᠡᠬᠦ︾  ᠴᠢᠬᠤᠯᠠ ᠪᠣᠭᠤᠮᠲᠠ ᠪᠣᠯᠣᠨ᠎ᠠ᠂ ᠡᠷᠬᠡᠪᠰᠢ ᠴᠢᠩᠭ᠎ᠠ  ᠪᠠᠶᠢᠴᠠᠭᠠᠨ ᠡᠵᠡᠮᠳᠡᠵᠦ᠂   ᠵᠢᠯᠣᠭᠤᠴᠢ  ᠪᠠ ᠠᠶᠠᠨᠴᠢᠳ ᠤᠨ ᠮᠡᠳᠡᠭᠡ ᠵᠠᠩᠭᠢ ᠶᠢ ᠳᠠᠩᠰᠠᠯᠠᠬᠤ ᠂  ᠬᠠᠯᠠᠭᠤᠨ ᠢ ᠬᠡᠮᠵᠢᠵᠦ  ᠺᠣᠳ᠋ ᠰᠢᠷᠪᠢᠬᠦ᠂ ᠪᠥᠭᠡᠮ ᠬᠦᠴᠢᠯ ᠤᠨ ᠭᠡᠷᠡᠴᠢ ᠲᠡᠮᠳᠡᠭ ᠢ ᠦᠵᠡᠬᠦ ᠵᠡᠷᠭᠡ  ᠬᠠᠮᠢᠶᠠᠷᠤᠯᠳᠠ ᠶᠢᠨ ᠠᠷᠭ᠎ᠠ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠲᠡᠷᠭᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠭᠡᠭᠡᠭᠳᠡᠬᠦᠯᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠦ ᠵᠢᠭᠠᠨ ᠭᠠᠷᠭᠠᠵᠠᠢ᠃  ᠸᠠᠩ ᠸᠧᠢ ᠬᠤᠩ᠂ ᠵᠣᠣ ᠬᠠᠢ ᠯᠢ᠂ ᠪᠠᠭᠠᠲᠤᠷ᠂ ᠦ᠋ ᠭᠤᠸᠠᠩ ᠹᠧᠩ᠂ ᠣᠶᠤᠨᠴᠡᠴᠡᠭ᠂ ᠪᠦᠦ ᠴᠢᠩ ᠱᠠᠨ᠂ ᠯᠢᠦ ᠲᠢᠩ ᠰᠢᠸ᠂ ᠵᠣᠣ ᠶᠦᠩ ᠵᠢᠴᠢ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠷᠢᠭᠤᠴᠠᠯᠭᠠᠲᠠᠨ ᠲᠤᠬᠤᠨᠢᠭᠤᠯᠭ᠎ᠠ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号