ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠥᠷᠪᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/12
  8 ᠰᠠᠷ᠎ᠠ ᠶᠢᠨ 11 ᠤ ᠡᠳᠦᠷ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠢ ᠵᠠᠨ ᠷᠦᠢ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠥᠷᠪᠡᠳᠦᠭᠡᠷ ᠬᠤᠷᠠᠯ ᠢ ᠡᠷᠬᠢᠯᠡᠨ ᠬᠤᠷᠠᠯᠳᠤᠭᠤᠯᠵᠤ᠂   ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠸ ᠯᠢᠨ᠂ ᠪᠠᠭᠠᠲᠤᠷ᠂ ᠦ᠋ ᠭᠤᠸᠠᠩ ᠹᠧᠩ ᠬᠤᠷᠠᠯ ᠳᠤ ᠣᠷᠣᠯᠴᠠᠵᠠᠢ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋  ᠬᠤᠰᠢᠭᠤ ᠳᠠᠷᠤᠭ᠎ᠠ ᠮᠠ ᠷᠦᠢ ᠮᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ᠂  ᠳᠡᠳ᠋ ᠬᠤᠰᠢᠭᠤ ᠳᠠᠷᠤᠭ᠎ᠠ ᠡᠷᠳᠡᠨᠢᠪᠠᠭᠠᠳᠤᠷ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠲᠤᠰᠬᠠᠢ ᠵᠥᠪᠯᠡᠯ᠂ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠲᠤᠰᠬᠠᠢ ᠵᠥᠪᠯᠡᠯ᠂ ᠬᠤᠰᠢᠭᠤᠨ  ᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ  ᠮᠠᠯ ᠠᠵᠤ ᠠᠬᠤᠢ   ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠭᠤᠣᠯ ᠬᠠᠷᠢᠭᠤᠴᠠᠯᠭᠠᠲᠠᠨ  ᠂ ᠬᠡᠰᠡᠭ  ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ ᠲᠤᠰ ᠬᠤᠭᠤᠴᠠᠭᠠᠨ ᠤ ᠪᠠᠶᠢᠩᠭᠤ   ᠶᠢᠨ ᠬᠤᠷᠢᠶᠠᠨ ᠤ ᠭᠡᠰᠢᠬᠦᠨ 33 ᠬᠥᠮᠥᠨ ᠠᠴᠠ 25 ᠬᠥᠮᠥᠨ  ᠬᠤᠷᠠᠯ ᠳᠤ ᠤᠷᠤᠯᠴᠠᠵᠤ᠂  ᠬᠠᠤᠯᠢ ᠳᠤ ᠲᠣᠭᠲᠠᠭᠠᠭᠰᠠᠨ ᠬᠥᠮᠥᠨ ᠤ ᠲᠣᠭᠠᠨ ᠳᠤ ᠨᠡᠶᠢᠴᠡᠵᠡᠢ᠃ ᠬᠤᠷᠠᠯ ᠲᠡᠭᠡᠷ᠎ᠡ ᠵᠥᠪᠯᠡᠬᠦ ᠵᠦᠢᠯ ᠤᠨ ᠲᠥᠰᠥᠯ ᠢ ᠪᠠᠲᠤᠯᠠᠭᠰᠠᠨ ᠪᠥᠭᠡᠳ ᠲᠤᠰᠢᠶᠠᠯ ᠳᠤ ᠲᠣᠮᠢᠯᠠᠵᠤ ᠲᠤᠰᠢᠶᠠᠯ   ᠠᠴᠠ ᠪᠠᠭᠤᠯᠭᠠᠬᠤ ᠤᠴᠢᠷ ᠶᠠᠪᠤᠳᠠᠯ   ᠢ ᠪᠠᠲᠤᠯᠠᠵᠤ᠂  ᠪᠢᠯᠧᠲ ᠥᠭᠬᠦ ᠠᠷᠭ᠎ᠠ ᠪᠠᠷ ᠴᠢᠨ ᠢ ᠨᠥᠬᠦᠷ   ᠢ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ ᠃ ᠬᠤᠷᠠᠯ   ᠠᠴᠠ ᠪᠠᠰᠠ ᠬᠤᠰᠢᠭᠤ ᠵᠠᠰᠠᠭ ᠤᠨ ᠣᠷᠳᠣᠨ ᠤ  2022 ᠣᠨ ᠤ 1 — 6 ᠰᠠᠷ᠎ᠠ ᠶᠢᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠮᠡᠳᠡᠭᠦᠯᠦᠯᠲᠡ᠂  2022 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2022 ᠣᠨ ᠤ ᠳᠣᠣᠷ᠎ᠠ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠮᠡᠳᠡᠭᠦᠯᠦᠯᠲᠡ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠲᠤᠰᠬᠠᠢ ᠵᠥᠪᠯᠡᠯ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠮᠡᠳᠡᠭᠦᠯᠦᠯᠲᠡ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠶᠤᠯᠭᠦᠢ ᠶᠢᠨ ᠬᠠᠤᠯᠢ  ᠶᠢᠨ ᠬᠡᠷᠡᠭᠵᠢᠭᠦᠯᠬᠦ ᠳᠦᠷᠢᠮ︾ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ  ᠢ ᠪᠠᠶᠢᠴᠠᠭᠠᠭᠰᠠᠨ ᠮᠡᠳᠡᠭᠦᠯᠦᠯᠲᠡ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠲᠤᠰᠬᠠᠢ ᠵᠥᠪᠯᠡᠯ ᠤᠨ 2020 ᠣᠨ ᠠᠴᠠ ᠨᠠᠰᠢᠬᠢ ᠡᠳ᠋ ᠤᠨ ᠵᠠᠰᠠᠭ ᠤᠨ ᠪᠡᠯᠡ ᠮᠥᠩᠭᠦ ᠶᠢᠨ ᠪᠠᠳᠤᠯᠠᠭᠠᠨ ᠤ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠠᠵᠢᠯ ᠤᠨ ᠪᠠᠶᠢᠳᠠᠯ ᠤᠨ ᠲᠤᠬᠠᠢ ᠪᠠᠶᠢᠴᠠᠭᠠᠨ  ᠰᠤᠳᠤᠯᠤᠯᠲᠠ ᠶᠢᠨ ᠮᠡᠳᠡᠬᠦᠯᠦᠯᠳᠡ ᠪᠠ 2020 ᠣᠨ ᠠᠴᠠ ᠨᠠᠰᠢᠬᠢ ᠲᠤᠰᠬᠠᠢ  ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠤᠶᠤᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ᠬᠠᠷᠢᠶᠠᠲᠤ ᠨᠠᠷ ᠤᠨ ᠠᠵᠢᠯ ᠤᠨ ᠲᠤᠰᠬᠠᠢ ᠵᠥᠪᠯᠡᠯ ᠤᠨ ᠪᠥᠬᠦ ᠬᠤᠰᠢᠭᠤᠨ ᠤ ᠰᠤᠷᠭᠠᠨ ᠬᠥᠮᠦᠵᠢᠯ ᠤᠨ ︽ᠬᠤᠶᠠᠷ ᠢ ᠬᠦᠩᠬᠡᠷᠡᠬᠦᠯᠬᠦ︾ ᠲᠥᠷᠥ ᠶᠢᠨ  ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ  ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号