ᠬᠤᠰᠢᠭᠤ ᠨᠠᠮ ᠤᠨ ᠬᠤᠷᠢᠶᠠᠨ ᠤ 45 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/12
   8 ᠰᠠᠷ᠎ᠠ ᠶᠢᠨ 10 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 45 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ  ᠲᠡᠭᠡᠷ᠎ᠡ᠂  ᠲᠥᠪ ᠬᠤᠷᠢᠶᠠᠨ ᠤ ᠤᠯᠤᠰ ᠲᠥᠷᠥ   ᠶᠢᠨ ᠲᠣᠪᠴᠢᠶᠠᠨ ᠤ ᠳᠥᠴᠢᠳᠦᠭᠡᠷ ᠤᠳᠠᠭᠠᠨ ᠤ ᠬᠠᠮᠲᠤ   ᠶᠢᠨ ᠰᠤᠷᠤᠯᠴᠠᠯᠭ᠎ᠠ ᠲᠡᠭᠡᠷᠡᠬᠢ ᠶᠡᠷᠦᠩᠬᠡᠢ ᠱᠦᠵᠢ ᠰᠢ ᠶᠢᠨ ᠫᠢᠩ   ᠤᠨ ᠴᠢᠬᠤᠯᠠ ᠶᠠᠷᠢᠶ᠎ᠠ  ᠂ ᠶᠡᠷᠦᠩᠬᠡᠢ ᠰᠠᠶᠢᠳ ᠯᠢ ᠺᠧ ᠴᠢᠶᠠᠩ ᠤᠨ ᠵᠠᠮ ᠲᠡᠭᠡᠭᠡᠪᠦᠷᠢ   ᠶᠢᠨ ᠶᠠᠮᠤᠨ ᠳᠤ ᠠᠵᠢᠯ ᠪᠠᠶᠢᠴᠠᠭᠠᠬᠤ ᠦᠶ᠎ᠡ   ᠶᠢᠨ ᠶᠠᠷᠢᠶ᠎ᠠ  ᠂᡽ᠼᠠᠢ ᠴᠢ ᠱᠦᠵᠢ ᠶᠢᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠪᠠᠶᠢᠴᠠᠭᠠᠨ ᠰᠤᠳᠤᠯᠬᠤ ᠦᠶ᠎ᠡ ᠶᠢᠨ  ᠶᠠᠷᠢᠶ᠎ᠠ  ᠂ ᠰᠦᠨ ᠱᠤᠤ ᠴᠧᠩ ᠱᠦᠵᠢ ᠶᠢᠨ ᠰᠢᠯᠢ ᠶᠢᠨ ᠭᠤᠣᠯ ᠠᠶᠢᠮᠠᠭ᠂ ᠬᠥᠯᠥᠨ ᠪᠤᠶᠢᠷ ᠬᠤᠳᠠ᠂ ᠤᠯᠠᠭᠠᠨᠬᠠᠳᠠ ᠬᠤᠳᠠ᠂ ᠲᠠᠶᠢᠹᠤᠰᠧ ᠬᠤᠰᠢᠭᠤᠨ ᠳᠤ ᠠᠵᠢᠯ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ  ᠵᠢᠴᠢ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠷᠤᠮᠠᠯᠯᠠᠨ ᠲᠠᠷᠬᠠᠭᠠᠭᠰᠠᠨ ︽ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠵᠣᠷᠢᠭᠵᠢᠭᠤᠯᠬᠤ ᠲᠤᠬᠠᠢ ᠠᠷᠪᠠᠨ ᠬᠤᠶᠠᠷ ᠵᠤᠷᠪᠤᠰ ᠠᠷᠭ᠎ᠠ ᠬᠡᠮᠵᠢᠶ᠎ᠡ︾ ᠵᠡᠷᠭᠡ ᠪᠢᠴᠢᠭ ᠮᠠᠲ᠋ᠧᠷᠢᠶᠠᠯ ᠢ ᠤᠯᠠᠮᠵᠢᠯᠠᠭᠰᠠᠨ ᠪᠠᠶᠢᠨ᠎ᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ  ᠭᠡᠰᠢᠬᠦᠳ ᠬᠤᠷᠠᠯ ᠳᠤ ᠣᠷᠣᠯᠴᠠᠵᠤ᠂ ᠯᠢ ᠵᠠᠨ ᠷᠦᠢ᠂ ᠶᠠᠩ ᠶᠢᠨ ᠮᠢᠩ ᠵᠢᠴᠢ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂  ᠵᠣᠬᠢᠶᠠᠨ ᠪᠠᠶᠢᠭᠤᠯᠬᠤ ᠬᠡᠯᠲᠡᠰ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠶᠠᠪᠤᠳᠠᠯ ᠤᠨ ᠲᠤᠪᠴᠢᠶ᠎ᠠ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号