ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠡᠶᠢᠭᠡᠮ ᠤᠨ ᠲᠣᠭᠲᠠᠭᠤᠨ ᠤ ᠠᠵᠢᠯ ᠢ ᠰᠢᠨᠵᠢᠯᠡᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2022/8/12
   8 ᠰᠠᠷ᠎ᠠ ᠶᠢᠨ 9 ᠤ ᠡᠳᠦᠷ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠭᠠᠲᠤᠷ ᠪᠦᠯᠬᠦᠮ ᠲᠠᠭᠠᠭᠤᠯᠵᠤ ᠨᠡᠶᠢᠭᠡᠮ ᠤᠨ ᠲᠣᠭᠲᠠᠭᠤᠨ ᠤ ᠠᠵᠢᠯ ᠳᠤ ᠲᠤᠰᠬᠠᠢ ᠰᠢᠨᠵᠢᠯᠡᠨ ᠪᠠᠶᠢᠴᠠᠭᠠᠯᠲᠠ ᠬᠢᠵᠡᠢ᠃ ᠬᠤᠰᠢᠭᠤᠨ ᠤ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠯᠲᠠ ᠬᠢᠪᠡ᠃  ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠴᠢᠶᠠᠨ ᠶᠢᠨ ᠭᠧᠦ ᠪᠠᠯᠭᠠᠰᠤᠨ ᠤ ᠵᠠᠰᠠᠭ ᠤᠨ ᠣᠷᠳᠣᠨ᠂  ᠴᠢ ᠬᠤᠤ ᠲᠣᠰᠬᠤᠨ ᠤ ᠺᠠᠲ᠋ᠣᠯᠢᠭ ᠱᠠᠰᠢᠨ ᠤ ᠳᠤᠭᠠᠩ ᠵᠢᠴᠢ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠭᠦᠨᠵᠡᠭᠡᠶᠢᠷᠡᠵᠦ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠬᠠᠷᠢᠭᠤ ᠮᠡᠳᠡᠭᠦᠯᠦᠯᠲᠡ ᠰᠣᠨᠣᠰᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠬᠠᠮᠢᠶ᠎ᠠ ᠪᠦᠬᠦᠢ ᠠᠵᠢᠯ  ᠤᠨ ᠪᠠᠶᠢᠳᠠᠯ ᠢ  ᠤᠶᠢᠯᠠᠭᠠᠭᠰᠠᠨ ᠪᠠᠶᠢᠨ᠎ᠠ᠃   ᠪᠠᠶᠢᠴᠠᠭᠠᠬᠤ ᠳᠤᠭᠤᠶᠢᠯᠠᠩ ᠤᠨ ᠬᠢᠨ ᠴᠢᠶᠠᠨ ᠶᠢᠨ ᠭᠧᠦ ᠪᠠᠯᠭᠠᠰᠤ ᠪᠠ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ  ᠲᠤᠪᠴᠢᠶᠠᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠤᠨ ᠲᠠᠯ᠎ᠠ ᠪᠠᠷ ᠣᠯᠣᠭᠰᠠᠨ  ᠠᠮᠵᠢᠯᠳᠠ ᠪᠦᠲᠦᠮᠵᠢ ᠶᠢ ᠨᠤᠳ᠋ᠯᠠᠭᠰᠠᠨ ᠤ ᠬᠠᠮᠲᠤ ᠰᠠᠨᠠᠯ ᠰᠠᠨᠠᠭᠤᠯᠭ᠎ᠠ ᠪᠠᠨ ᠳᠤᠷᠠᠳᠪᠠ᠃ ᠪᠠᠭᠠᠲᠤᠷ  ᠴᠢᠬᠤᠯᠠᠴᠢᠯᠠᠬᠤ ᠳᠠᠭᠠᠨ᠂ ᠨᠢᠭᠡ ᠳᠤ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠡᠮᠬᠢ ᠲᠢᠭᠯᠡᠮ ᠢ ᠲᠦᠷᠢᠮᠵᠢᠬᠦᠯᠦᠨ᠂ ᠡᠷᠲᠡ ᠢᠯᠡᠷᠡᠬᠦᠯᠵᠦ ᠡᠷᠲᠡ ᠰᠢᠢᠳᠪᠦᠷᠢᠯᠡᠬᠦ ᠶᠢ ᠪᠠᠳᠤᠯᠠᠬᠤ ᠬᠡᠷᠡᠭᠲᠡᠢ᠃ ᠬᠤᠶᠠᠷ ᠲᠤ  ᠠᠮᠤᠷ ᠲᠦᠪᠰᠢᠨ ᠤ ᠪᠠᠶᠢᠴᠠᠭᠠᠯᠲᠠ ᠪᠠ ᠬᠠᠤᠯᠢ ᠲᠦᠷᠢᠮ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠤᠨ ᠬᠢᠷᠢ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠱᠠᠰᠢᠨ ᠰᠤᠷᠲᠠᠬᠤᠨ ᠤ  ᠠᠵᠢᠯᠯᠠᠭᠠᠨ ᠤ ᠲᠠᠯᠠᠪᠤᠷ ᠲᠤ ᠪᠠᠶᠢᠩᠭᠤ ᠶᠢᠨ ᠪᠠᠶᠢᠴᠠᠭᠠᠯᠲᠠ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠪᠦᠭᠦ ᠬᠤᠰᠢᠭᠤᠨ ᠤ ᠠᠷᠠᠳ ᠲᠦᠮᠡᠨ ᠳᠤ ᠠᠮᠤᠷ ᠠᠮᠤᠭᠤᠯᠠᠩ ᠠᠮᠢᠳᠤᠷᠠᠯ ᠤᠨ ᠣᠷᠴᠢᠨ ᠲᠣᠭᠤᠷᠢᠨ ᠢ ᠡᠬᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠬᠡᠵᠡᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号