ᠲᠤᠭᠤᠷᠢᠨ ᠪᠠᠶᠢᠴᠠᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/8/12
   ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾  ᠪᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂  ᠬᠤᠰᠢᠭᠤ ᠨᠠᠮ ᠤᠨ ᠬᠤᠷᠢᠶᠠᠨ ᠤ ᠰᠢᠨ᠎ᠡ ᠱᠠᠭᠠᠷᠳᠠᠯᠭ᠎ᠠ ᠶᠢ ᠦᠨᠳᠦᠰᠦᠯᠡᠨ᠂  ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2022 ᠣᠨ ᠤ 8 ᠰᠠᠷ᠎ᠠ ᠶᠢᠨ 11 ᠤ ᠡᠳᠦᠷ ᠠᠴᠠ 2022 ᠣᠨ ᠤ 9 ᠰᠠᠷ᠎ᠠ ᠶᠢᠨ 18 ᠤ ᠡᠳᠦᠷ ᠪᠣᠯᠲᠠᠯ᠎ᠠ᠂  ᠬᠤᠰᠢᠭᠤ ᠨᠠᠮ ᠤᠨ ᠬᠤᠷᠢᠶ᠎ᠠ ᠨᠢ 2 ᠲᠣᠭᠤᠷᠢᠨ ᠪᠠᠶᠢᠴᠠᠭᠠᠬᠤ ᠳᠤᠭᠤᠶᠢᠯᠠᠩ ᠲᠤᠮᠢᠯᠠᠵᠤ᠂ ᠠᠷᠠᠳ ᠤᠨ ᠶᠠᠪᠤᠳᠠᠯ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠤ ᠨᠠᠮ ᠤᠨ ᠡᠭᠦᠷ᠂ ᠬᠢᠨᠠᠨ ᠪᠤᠳᠤᠬᠤ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠳᠤ  ᠡᠩ ᠤᠨ ᠲᠣᠭᠤᠷᠢᠨ ᠪᠠᠶᠢᠴᠠᠭᠠᠯᠲᠠ ᠬᠢᠬᠦ ᠪᠠᠷ ᠲᠤᠭᠳᠠᠪᠠ᠃     ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠷ ᠤᠯᠤᠰ ᠲᠥᠷᠥ ᠶᠢᠨ ᠬᠡᠪ ᠳᠠᠭᠤᠷᠢᠶᠠᠯ ᠪᠤᠯᠭᠠᠨ᠂ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠤᠳᠤᠷᠢᠳᠬᠤ ᠪᠠᠭ ᠪᠠ ᠵᠠᠩᠭᠢᠯᠠᠭ᠎ᠠ ᠶᠢᠨ ᠴᠥᠭᠡᠨ ᠲᠣᠭᠠᠲᠠᠨ ᠢ ᠴᠢᠩᠭ᠎ᠠ ᠠᠩᠬᠠᠷᠴᠤ᠂ ᠤᠯᠤᠰ ᠲᠦᠷᠦ ᠶᠢᠨ ᠵᠥᠷᠢᠶ᠎ᠡ ᠶᠢ ᠡᠷᠢᠵᠦ᠂ ᠨᠠᠮ ᠤᠨ ᠲᠥᠪ ᠬᠤᠷᠢᠶᠠᠨ ᠤ ᠡᠯ᠎ᠡ  ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠵᠢᠴᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠪᠠᠶᠢᠳᠠᠯ ᠲᠠᠢ ᠨᠢᠭᠲᠠ ᠤᠶᠠᠯᠳᠤᠭᠤᠯᠵᠤ ᠪᠠᠶᠢᠭᠠᠳ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃  ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠭᠤᠣᠯᠳᠠᠭᠤ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ  ᠪᠠ ᠲᠡᠭᠦᠨ ᠤ ᠭᠡᠰᠢᠬᠦᠳ ᠵᠢᠴᠢ  ᠲᠤᠤᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠲᠡᠭᠡᠷᠡᠬᠢ ᠤᠳᠤᠷᠢᠳᠬᠤ ᠺᠠᠳ᠋ᠷᠴᠤᠳ ᠤᠨ ᠲᠤᠬᠠᠢ ᠲᠤᠰᠬᠠᠭᠰᠠᠨ ᠠᠰᠠᠭᠤᠳᠠᠯ ᠶᠢ ᠭᠥᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨᠴᠢ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠪᠠᠷ ᠬᠢ ᠢᠯᠡᠴᠢᠯᠡᠨ ᠮᠡᠳᠡᠬᠦᠯᠦᠭᠰᠡᠨ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠠᠰᠠᠭᠤᠳᠠᠯ ᠢ  ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠨ ᠥᠭᠴᠦ ᠰᠢᠢᠳᠪᠦᠷᠢᠯᠡᠭᠦᠯᠦᠨ᠎ᠡ᠃  ᠲᠤᠭᠤᠷᠢᠨ ᠪᠠᠶᠢᠴᠠᠭᠠᠬᠤ ᠬᠤᠭᠤᠴᠠᠭᠠᠨ ᠳᠤ ᠺᠠᠳ᠋ᠷ ᠤᠯᠠᠨ ᠲᠦᠮᠡᠨ ᠤ ᠦᠨᠡᠨ ᠪᠤᠳᠠᠳᠠᠢ ᠪᠠᠷ ᠪᠠᠶᠢᠳᠠᠯ ᠢ ᠲᠤᠰᠬᠠᠬᠤ ᠶᠢ  ᠬᠦᠰᠡᠵᠦ ᠪᠠᠶᠢᠨ᠎ᠠ᠃      ᠭᠥᠯᠢᠶᠡᠨ ᠠᠪᠬᠤ ᠴᠠᠭ᠄ 2022 ᠣᠨ ᠤ 8 ᠰᠠᠷ᠎ᠠ ᠶᠢᠨ 11 ᠤ ᠡᠳᠦᠷ ᠠᠴᠠ 9 ᠰᠠᠷ᠎ᠠ ᠶᠢᠨ 13 ᠤ ᠡᠳᠦᠷ ︵ᠦᠳᠡ ᠶᠢᠨ ᠡᠮᠦᠨ᠎ᠡ 8᠄ 30 ︱ 12᠄ 00᠂ ᠦᠳᠡ ᠶᠢᠨ ᠬᠤᠶᠢᠨ᠎ᠠ 2᠄ 30 ︱ 5᠄ 30︶᠂   ᠠᠮᠠᠷᠠᠯᠳᠠ ᠶᠢᠨ ᠡᠳᠦᠷ ᠲᠤ ᠬᠦᠯᠢᠶᠡᠨ ᠠᠪᠬᠤ ᠦᠬᠡᠢ᠃    ᠨᠢᠭᠡᠳᠦᠭᠡᠷ ᠳᠤᠭᠤᠶᠢᠯᠠᠩ ᠤᠨ ᠭᠥᠯᠢᠶᠡᠨ ᠠᠪᠬᠤ ᠭᠠᠵᠠᠷ ᠄ ︽ᠶᠤᠰᠤᠳᠠᠢ︾ ᠪᠠᠭᠤᠳᠠᠯ ᠤᠨ ᠲᠠᠪᠤᠳᠤᠭᠠᠷ ᠳᠠᠪᠬᠤᠷᠭ᠎ᠠ ᠶᠢᠨ 514  ᠦᠷᠦᠭᠡ᠃  ᠢᠮᠧᠯ᠄ tqdyxcz@163.com᠂ ᠤᠲᠠᠰᠤ  ᠄ 15947096880᠂  ᠰᠢᠤᠳᠠᠨ ᠬᠠᠶ᠋ᠢᠭ᠄  ︽ᠶᠤᠰᠤᠳᠠᠢ︾  ᠪᠠᠭᠤᠳᠠᠯ ᠤᠨ ᠲᠠᠪᠤᠳᠤᠭᠠᠷ ᠳᠠᠪᠬᠤᠷᠯᠢᠭ ᠤᠨ 514 ᠦᠷᠦᠭᠡ  ︵027000︶   ᠬᠤᠶᠠᠳᠤᠭᠠᠷ ᠳᠤᠭᠤᠶᠢᠯᠠᠩ ᠤᠨ ᠭᠥᠯᠢᠶᠡᠨ ᠠᠪᠬᠤ ᠭᠠᠵᠠᠷ᠄ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠢᠭᠡᠳᠦᠭᠡᠷ ᠲᠠᠪᠬᠤᠷᠯᠢᠭ᠃  ᠢᠮᠧᠯ᠄ tqdexcz@163.com᠂ ᠤᠲᠠᠰᠤ᠄  15148646040᠂  ᠰᠢᠤᠳᠠᠨ ᠬᠠᠶ᠋ᠢᠭ᠄ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠳᠠᠪᠬᠤᠷᠯᠢᠭ ᠲᠠᠬᠢ ᠬᠤᠶᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ ︵027000︶      ᠵᠠᠬᠢᠳᠠᠯ ᠤᠨ ᠬᠠᠶᠢᠷᠴᠠᠭ ᠪᠠᠶᠢᠷᠢᠯᠠᠭᠤᠯᠤᠭᠰᠠᠨ ᠭᠠᠵᠠᠷ ᠄ 1. ᠠᠷᠠᠳ ᠤᠨ ᠶᠠᠪᠤᠳᠠᠯ ᠤᠨ  ᠲᠤᠪᠴᠢᠶᠠᠨ ᠤ ᠠᠯᠪᠠᠨ ᠠᠰᠠᠷ ᠤᠨ ᠪᠠᠷᠠᠭᠤᠨ ᠲᠠᠯ᠎ᠠ   2. ᠳᠠᠩᠰᠠ ᠡᠪᠬᠡᠮᠡᠯ ᠲᠡᠦᠬᠡ ᠣᠶᠢᠯᠠᠯᠭ᠎ᠠ   ᠶᠢᠨ ᠣᠷᠳᠣᠨ ᠤ ᠠᠯᠪᠠᠨ ᠠᠰᠠᠷ ᠤᠨ ᠪᠠᠷᠠᠭᠤᠨ ᠲᠠᠯ᠎ᠠ  ᠂ 3.  ︽ᠶᠤᠰᠤᠳᠠᠢ︾  ᠪᠠᠭᠤᠳᠠᠯ ᠤᠨ ᠡᠭᠦᠳᠡᠨ ᠤ ᠪᠠᠷᠠᠭᠤᠨ ᠲᠠᠯ᠎ᠠ  ᠪᠠ ᠬᠤᠶᠢᠲᠤ ᠲᠠᠯ᠎ᠠ  4.  ᠵᠠᠰᠠᠭ ᠤᠨ ᠤᠷᠳᠤᠨ ᠤ ᠠᠰᠠᠷ ︵ᠵᠠᠬᠢᠳᠠᠯ ᠰᠣᠷᠪᠤᠯᠵᠢᠯᠠᠭ᠎ᠠ   ᠶᠢᠨ ᠲᠣᠪᠴᠢᠶ᠎ᠠ︶ ᠤᠨ ᠵᠡᠭᠦᠨ ᠲᠠᠯ᠎ᠠ᠃ 5. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ   ᠶᠢᠨ ᠲᠣᠪᠴᠢᠶᠠᠨ ᠤ ᠠᠯᠪᠠᠨ ᠠᠰᠠᠷ ᠤᠨ ᠡᠮᠦᠨ᠎ᠡ ᠲᠠᠯ᠎ᠠ  6. ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ ᠠᠯᠪᠠᠨ ᠠᠰᠠᠷ ᠤᠨ ᠪᠠᠷᠠᠭᠤᠨ ᠲᠠᠯ᠎ᠠ᠃                                                              ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ       ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ                                                                                              2022 ᠣᠨ ᠤ 8 ᠰᠠᠷ᠎ᠠ ᠶᠢᠨ 11 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号