ᠲᠠᠶᠢᠹᠤᠰᠧ ᠵᠠᠰᠠᠭ ᠠᠯᠪᠠᠨ ᠥᠰᠥᠭ 〔2022〕19 ᠲᠣᠭᠠᠲᠤ | | ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | 2023 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ | ᠵᠣᠭᠰᠤᠭᠠᠬᠤ ᠬᠠᠮᠢᠶ᠎ᠠ ᠪᠦᠬᠦᠢ ᠠᠵᠢᠯ ᠢ ᠰᠠᠶᠢᠨ ᠬᠢᠬᠦ ᠲᠤᠬᠠᠢ ᠮᠡᠳᠡᠭᠳᠡᠯ | ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄ | ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ | ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠪᠡᠯᠴᠢᠭᠡᠷᠯᠡᠬᠦᠯᠦᠨ ᠮᠠᠯᠵᠢᠬᠤ ᠵᠡᠷᠭᠡ ᠦᠶᠯᠡ | ᠠᠵᠢᠯᠯᠠᠭ᠎ᠠ ᠶᠢ ᠡᠷᠡᠰ ᠬᠤᠷᠢᠭᠯᠠᠬᠤ ᠶᠢᠨ ᠲᠥᠯᠥᠭᠡ᠂ 2023 ᠣᠨ ᠤ ᠬᠠᠪᠤᠷ ᠤᠨ ᠤᠯᠠᠷᠢᠯ ᠤᠨ ᠪᠡᠯᠴᠢᠭᠡᠷ | ᠰᠡᠷᠬᠦᠬᠡᠵᠦ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠤ ︽ᠬᠦᠮᠦᠨ ᠤ ᠬᠦᠴᠦᠨ + ᠰᠢᠨᠵᠢᠯᠡᠭᠡ ᠮᠡᠷᠭᠡᠵᠢᠯ | ︾ ᠤᠨ ᠴᠠᠭᠳᠠᠨ ᠪᠠᠶᠢᠴᠠᠭᠠᠬᠤ ᠵᠠᠭᠪᠤᠷ ᠢ ᠵᠢᠩᠬᠢᠨᠢ ᠪᠠᠷ ᠡᠬᠢᠯᠡᠬᠦᠯᠦᠨ᠂ ᠵᠢᠯᠣᠭᠤᠴᠢ ᠦᠭᠡᠢ ᠨᠢᠰᠬᠡᠯ ᠢᠶᠠᠷ | ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠵᠣᠭᠰᠤᠭᠠᠬᠤ ᠤᠷᠤᠨ ᠢ ᠲᠤᠭᠤᠷᠢᠨ ᠪᠠᠶᠢᠴᠠᠭᠠᠵᠤ᠂ ᠬᠠᠤᠯᠢ ᠲᠦᠷᠢᠮ | ᠵᠦᠷᠢᠴᠡᠵᠦ ᠬᠤᠯᠠᠭᠠᠢ ᠪᠠᠷ ᠪᠡᠯᠴᠢᠭᠡᠷᠯᠡᠭᠦᠯᠬᠦ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠬᠦᠯᠦᠨ᠂ ᠵᠢᠷᠤᠭ | ᠲᠦᠷᠰᠦ ᠶᠢᠨ ᠭᠡᠷᠡᠴᠢ ᠦᠯᠡᠳᠡᠭᠡᠵᠦ᠂ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠬᠦ ᠪᠠᠷ ᠲᠤᠭᠳᠠᠪᠠ᠃ | ᠡᠯ᠎ᠡ ᠰᠤᠮᠤ ᠰᠢᠶᠠᠩ ᠪᠠᠯᠭᠠᠰᠤ ᠨᠢ ᠤᠳᠤ ᠠᠴᠠ ᠡᠬᠢᠯᠡᠨ ᠤᠬᠠᠭᠤᠯᠭ᠎ᠠ ᠬᠥᠮᠦᠵᠢᠯ ᠪᠠ ᠵᠢᠯᠤᠭᠤᠳᠤᠯᠭ᠎ᠠ | ᠲᠠᠶᠢᠴᠢᠯᠠᠭ᠎ᠠ ᠪᠠᠨ ᠴᠢᠩᠭᠠᠳᠬᠠᠨ᠂ ᠠᠳᠤᠭᠤ ᠮᠠᠯ ᠵᠠᠷᠤᠴᠠᠭᠤᠯᠬᠤ ᠪᠠ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢᠶᠠᠨ | ᠰᠠᠶᠢᠲᠤᠷ ᠬᠢᠬᠦ ᠶᠢ ᠣᠯᠠᠨ ᠲᠦᠮᠡᠨ ᠳᠤ ᠤᠷᠢᠳᠴᠢᠯᠠᠨ ᠮᠡᠳᠡᠭᠳᠡᠵᠦ᠂ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ | ᠵᠣᠭᠰᠤᠭᠠᠬᠤ ᠬᠤᠭᠤᠴᠠᠭᠠᠨ ᠳᠠᠬᠢ ᠬᠠᠰᠢᠶᠠᠯᠠᠨ ᠲᠡᠵᠢᠭᠡᠬᠦ ᠬᠡᠷᠡᠭᠴᠡᠭᠡ ᠶᠢ ᠦᠨᠡᠨᠬᠦ ᠪᠠᠳᠤᠯᠠᠨ᠂ 2023 ᠣᠨ ᠤ | ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠥᠬᠦ ᠲᠠᠯ᠎ᠠ ᠪᠠᠷ | ᠬᠡᠷᠡᠭᠵᠢᠭᠦᠯᠬᠦ ᠳᠤ ᠰᠠᠶᠢᠨ ᠰᠠᠭᠤᠷᠢ ᠶᠢ ᠲᠠᠯᠪᠢᠬᠤ ᠬᠡᠷᠡᠭᠲᠡᠢ᠃ | | ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠤᠨ ᠤ 8 ᠰᠠᠷ᠎ᠠ ᠶᠢᠨ12 ᠤᠨ ᠡᠳᠦᠷ |