ᠵᠣᠣ ᠹᠧᠢ ᠫᠧᠩ ᠰᠢᠯᠢᠩᠬᠤᠲᠠ ᠳᠤ ᠬᠦᠷᠴᠦ ᠰᠢᠨᠵᠢᠯᠡᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2022/8/17
  8 ᠰᠠᠷ᠎ᠠ ᠶᠢᠨ 15 ᠤ ᠡᠳᠦᠷ᠂  ᠬᠤᠰᠢᠭᠤ  ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠰᠢᠨᠵᠢᠯᠡᠨ ᠪᠠᠶᠢᠴᠠᠭᠠᠬᠤ ᠪᠦᠯᠬᠦᠮ ᠳᠠᠭᠠᠭᠤᠯᠤᠨ ᠰᠢᠯᠢᠩᠬᠤᠲᠠ ᠳᠤ ᠬᠦᠷᠴᠦ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠰᠢᠨᠵᠢᠯᠡᠨ ᠪᠠᠶᠢᠴᠠᠭᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂   ᠳᠡᠳ᠋ ᠬᠤᠰᠢᠭᠤ ᠳᠠᠷᠤᠭ᠎ᠠ ᠶᠢᠨ ᠶᠦᠩ ᠾᠧ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠬᠠᠢ ᠯᠢ ᠰᠢᠨᠵᠢᠯᠡᠨ ᠪᠠᠶᠢᠴᠠᠭᠠᠬᠤ ᠳᠤ ᠣᠷᠣᠯᠴᠠᠵᠠᠢ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠳᠤᠮᠳᠠᠳᠤ ᠤᠯᠤᠰ ᠤᠨ  ᠱᠧᠨ ᠬᠤᠸᠠ ᠡᠨᠧᠷᠭᠢ ᠬᠦᠴᠦᠨ ᠤ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠱᠧᠩ ᠯᠢ ᠨᠢᠭᠡᠳᠦᠭᠡᠷ ᠨᠤᠮᠧᠷᠳᠤ ᠵᠠᠳᠠᠭᠠᠢ ᠠᠭᠤᠷᠬᠠᠢ᠂ ᠥᠪᠥᠷ ᠮᠣᠩᠭᠤᠯ ᠤᠨ ᠴᠠᠬᠢᠯᠭᠠᠨ ᠭᠠᠷᠭᠠᠬᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠱᠧᠩ ᠯᠢ ᠭᠤᠷᠪᠠᠳᠤᠭᠠᠷ ᠨᠤᠮᠧᠷᠳᠤ ᠵᠠᠳᠠᠭᠠᠢ ᠨᠡᠭᠦᠷᠡᠰᠦᠨ ᠠᠭᠤᠷᠬᠠᠢ᠂ ᠰᠢᠯᠢᠩᠬᠤᠲᠠ ᠶᠢᠨ ᠢᠯᠠᠯᠳᠠ ᠭᠠᠴᠠᠭᠠᠨ ᠤ ᠴᠢᠯᠠᠭᠤ  ᠮᠠᠯᠳᠠᠬᠤ ᠲᠠᠯᠠᠪᠠᠢ᠂  ᠪᠤᠯᠠᠭᠠᠨ ᠰᠤᠮᠤᠨ ᠤ  ᠡᠵᠡᠬᠦᠢ ᠠᠭᠤᠷᠬᠠᠢ ᠶᠢᠨ ᠵᠠᠰᠠᠯᠳᠠ ᠶᠢᠨ ᠤᠷᠤᠨ ᠳᠤ  ᠬᠦᠨᠵᠡᠬᠡᠶᠢᠷᠡᠵᠦ᠂  ᠠᠭᠤᠯᠠ ᠠᠭᠤᠷᠬᠠᠢ ᠶᠢᠨ ᠵᠠᠰᠠᠯᠲᠠ ᠶᠢᠨ ᠲᠥᠯᠦᠪᠵᠢᠭᠦᠯᠭᠡ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠠᠭᠤᠷᠬᠠᠢ ᠶᠢᠨ ᠤᠷᠤᠨ ᠤ ᠠᠮᠢ ᠠᠬᠤᠢ ᠶᠢᠨ ᠰᠡᠷᠬᠦᠭᠡᠯᠳᠡ ᠵᠡᠷᠭᠡ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠠᠶᠢᠨ᠎ᠠ᠃ ᠵᠣᠣ ᠹᠧᠢ ᠫᠧᠩ ᠵᠢᠭᠠᠵᠤ  ᠭᠠᠷᠭᠠᠬᠤ ᠳᠠᠭᠠᠨ᠂  ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠠᠭᠤᠷᠬᠠᠢ ᠶᠢᠨ ᠠᠵᠤ ᠠᠬᠤᠶᠢᠯᠠᠯ ᠨᠢ ᠠᠬ᠎ᠠ ᠲᠡᠬᠦᠦ ᠬᠤᠰᠢᠭᠤ ᠰᠢᠶᠠᠨ ᠬᠤᠳᠠ ᠶᠢᠨ ᠰᠠᠶᠢᠨ ᠠᠷᠭ᠎ᠠ ᠲᠤᠷᠰᠢᠯᠭ᠎ᠠ ᠶᠢ ᠲᠤᠯᠢᠳᠠᠨ ᠰᠤᠷᠤᠯᠴᠠᠬᠤ ᠶᠢᠨ ᠬᠠᠮᠳᠤ ᠠᠵᠢᠯ ᠳᠠᠭᠠᠨ ᠯᠠᠪᠯᠠᠯᠲᠠ ᠪᠣᠯᠭᠠᠵᠤ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠢᠭᠡᠳᠦᠯᠲᠡᠢ ᠲᠦᠰᠦᠪ ᠲᠦᠯᠦᠪᠯᠡᠭᠡ ᠬᠢᠵᠦ᠂ ᠪᠦᠲᠦᠭᠡᠨ  ᠪᠠᠶᠢᠭᠤᠯᠤᠯᠳᠠ  ᠶᠢᠨ ᠪᠠᠷᠢᠮᠵᠢᠶ᠎ᠠ ᠶᠢ ᠲᠣᠳᠣᠷᠬᠠᠶᠢᠯᠠᠨ᠂  ᠵᠠᠰᠠᠯᠳᠠ ᠶᠢᠨ ᠬᠡᠪ ᠵᠠᠭᠪᠤᠷ ᠢᠶᠠᠨ ᠰᠢᠨᠡᠴᠢᠯᠡᠵᠦ᠂ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠤᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠪᠣᠬᠢᠷᠳᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠪᠠ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ  ᠂ ᠣᠷᠣᠨ ᠨᠤᠲᠤᠭ ᠪᠠ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠤᠯᠠᠮ ᠨᠢᠬᠡ ᠠᠯᠬᠤᠮ ᠪᠤᠳᠠᠳᠠᠶᠢᠵᠢᠭᠤᠯᠤᠨ᠂ ᠪᠣᠬᠢᠷᠳᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ  ᠭᠡᠪᠡ᠃ ᠰᠢᠯᠢᠩᠬᠤᠲᠠ ᠶᠢᠨ ᠨᠠᠮ ᠤᠨ ᠬᠤᠷᠢᠶᠠᠨ ᠤ ᠱᠦᠵᠢ ᠰᠦᠨ ᠵᠧᠨ ᠵᠢᠶᠠᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠲᠤᠭᠳᠠᠭᠤᠨᠪᠠᠶᠠᠷ᠂ ᠬᠤᠲᠠ ᠶᠢᠨ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂  ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠮᠦᠩᠬᠦᠨ ᠵᠢᠴᠢ ᠰᠢᠯᠢᠩᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠠᠮᠲᠤ ᠰᠢᠨᠵᠢᠯᠡᠨ ᠪᠠᠶᠢᠴᠠᠭᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号