ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠠᠷᠯᠠᠯ ︵90 ᠲᠤᠭᠠᠳᠤ︶
ᠨᠡᠶᠢᠲᠡᠯᠡᠭᠰᠡᠨ ᠴᠠᠭ᠄
2022/8/17
   ᠤᠶᠢᠷ᠎ᠠ ᠳᠤ᠂  ᠴᠢᠭᠤᠯᠤᠯᠳᠤ ᠬᠠᠭᠠᠯᠭ᠎ᠠ ᠬᠤᠳᠠ ᠳᠤ ᠡᠪᠡᠳᠴᠢᠨ ᠤ ᠵᠢᠱᠢᠶ᠎ᠡ ᠵᠠᠯᠭᠠᠪᠠᠷ ᠢᠯᠡᠷᠡᠵᠦ  ᠂ ᠬᠢᠵᠢᠭ  ᠤᠨ ᠪᠠᠶᠢᠳᠠᠯ ᠶᠡᠷᠦ ᠪᠤᠰᠤ ᠶᠢᠨ ᠪᠤᠳᠤᠯᠢᠶᠠᠨᠳᠠᠢ ᠪᠠᠶᠢᠭ᠎ᠠ᠃  ᠮᠠᠨ ᠤ ᠬᠤᠰᠢᠭᠤᠨ ᠤ ᠪᠠᠨ ᠬᠢᠵᠢᠭ ᠰᠡᠷᠭᠡᠶᠢᠯᠡᠬᠦ ᠠᠵᠢᠯ ᠢ  ᠦᠨᠡᠨᠬᠦ ᠰᠠᠶᠢᠨ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠰᠦᠬᠡᠢ᠄      ᠨᠢᠭᠡ᠂ 8 ᠰᠠᠷ᠎ᠠ ᠶᠢᠨ 12 ᠤᠨ ᠡᠳᠦᠷ ᠠᠴᠠ ᠨᠠᠰᠢ᠂ ᠴᠢᠭᠤᠯᠤᠯᠲᠤ ᠬᠠᠭᠠᠯᠭ᠎ᠠ ᠳᠤ ᠤᠴᠢᠵᠤ ᠢᠷᠡᠭᠰᠡᠨ ᠬᠥᠮᠥᠰ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠠᠭᠠᠨ ᠤᠬᠠᠮᠰᠠᠷ ᠠᠴᠠ ᠪᠠᠨ ᠮᠡᠳᠡᠭᠦᠯᠦᠨ ᠳᠠᠩᠰᠠᠯᠠᠭᠤᠯᠵᠤ ᠂ 3 ᠡᠳᠦᠷ  ᠭᠡᠷ ᠲᠡᠭᠡᠨ ᠲᠤᠰᠠᠭᠠᠷᠯᠠᠵᠤ ᠠᠵᠢᠭᠯᠠᠯᠳᠠ ᠬᠢᠬᠦ ᠭᠡᠷᠡᠭᠳᠡᠢ᠃ ᠡᠨᠡ ᠬᠤᠭᠤᠴᠠᠭᠠᠨ ᠳᠤ ᠭᠠᠳᠠᠭᠰᠢ ᠭᠠᠷᠬᠤ ᠦᠭᠡᠢ᠂  ᠭᠡᠷ ᠲᠡᠭᠡᠨ ᠲᠤᠰᠠᠭᠠᠷᠯᠠᠭᠰᠠᠨ ᠤ 1 ᠳ᠋ᠤᠭᠡᠷ ᠡᠳᠦᠷ ᠪᠠ 3 ᠳ᠋ᠤᠭᠠᠷ ᠡᠳᠦᠷ ᠲᠤ ᠬᠠᠷᠢᠶᠠᠯᠠᠭᠳᠠᠬᠤ ᠭᠠᠵᠠᠷ ᠤᠨ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠭᠡᠷ ᠲᠤᠨᠢ ᠬᠦᠷᠴᠦ ᠪᠥᠭᠡᠮ ᠬᠦᠴᠢᠯ ᠤᠨ ᠪᠠᠶᠢᠴᠠᠭᠠᠯᠳᠠ ᠬᠢᠨ᠎ᠡ ᠃   ᠵᠠᠮ ᠮᠦᠷ ᠤᠨ ᠪᠠᠶᠢᠳᠠᠯ ᠢᠶᠠᠨ ᠦᠨᠡᠨ ᠮᠥᠨ ᠢᠶᠠᠷ ᠮᠡᠳᠡᠬᠦᠯᠬᠦ ᠦᠭᠡᠢ᠂ ᠬᠢᠵᠢᠭ ᠰᠡᠷᠭᠡᠶᠢᠯᠡᠬᠦ ᠠᠷᠭ᠎ᠠ ᠲᠦᠷᠢᠮ  ᠢ  ᠭᠡᠷᠡᠭᠵᠢᠬᠦᠯᠬᠦ ᠳᠤ ᠬᠠᠮᠵᠢᠯᠴᠠᠬᠤ ᠦᠭᠡᠢ᠂ ᠬᠠᠤᠯᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠤᠯ ᠬᠠᠤᠯᠢ ᠶᠢᠨ ᠲᠠᠭᠠᠤ ᠬᠠᠷᠢᠭᠤᠴᠠᠯᠭ᠎ᠠ ᠨᠡᠬᠡᠮᠵᠢᠯᠡᠨ᠎ᠡ᠃    ᠬᠤᠶᠠᠷ᠂ ᠡᠯ᠎ᠡ ᠲᠦᠷᠦᠯ ᠤᠨ ᠤᠯᠠᠨ ᠨᠡᠶᠢᠲᠡ ᠶᠢᠨ ᠭᠠᠵᠠᠷ᠂ ᠡᠵᠡᠩᠨᠡᠯᠲᠡ ᠶᠢᠨ ᠲᠠᠯᠠᠪᠤᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠲᠤᠰᠬᠠᠢ ᠬᠥᠮᠥᠨ ᠲᠣᠬᠢᠷᠠᠭᠤᠯᠤᠨ  ︽ᠰᠢᠯᠢᠨ ᠡᠷᠡᠭᠦᠯ ᠤᠨ ᠴᠤᠬᠤᠷ︾  ︵锡林健康宝︶ ᠢ ᠰᠢᠷᠪᠢᠬᠦᠯᠵᠦ᠂  ᠡᠷᠡᠭᠦᠯ ᠮᠡᠨᠳᠦ ᠶᠢᠨ ᠺᠣᠳ᠋᠂ ᠠᠶᠠᠯᠠᠯ ᠤᠨ  ᠺᠣᠳ᠋   ᠢ  ᠰᠢᠯᠭᠠᠨ᠂ ︽ ᠡᠬᠦᠳᠡ ᠪᠠᠷ ᠤᠷᠤᠪᠠᠯ ᠺᠤᠳ᠋ ᠰᠢᠷᠪᠢᠬᠦ᠂  ᠺᠤᠳ᠋ ᠰᠢᠷᠪᠢᠪᠡᠯ  ᠪᠠᠶᠢᠴᠠᠭᠠᠬᠤ ᠦᠵᠡᠬᠦ᠂ ᠨᠣᠭᠤᠭᠠᠨ ᠺᠤᠳ᠋ ᠪᠤᠯ ᠲᠠᠯᠪᠢᠵᠤ ᠤᠷᠤᠭᠤᠯᠬᠤ᠂ ᠨᠢᠭᠡ ᠬᠥᠮᠥᠨ ᠢ ᠴᠦ ᠦᠯᠦ ᠣᠷᠬᠢᠭᠳᠠᠭᠤᠯᠬᠤ︾ ᠶᠢ ᠦᠨᠡᠨᠬᠦ ᠪᠠᠳᠤᠯᠠᠬᠤ ᠭᠡᠷᠡᠭᠳᠡᠢ᠃  ᠬᠠᠭᠤᠴᠢᠨ ᠺᠣᠳ᠋ ᠪᠠᠨ ᠭᠠᠷᠭᠠᠵᠤ ᠬᠠᠭᠤᠷᠮᠠᠭᠯᠠᠨ ᠦᠩᠭᠡᠷᠡᠭᠡᠬᠦ ᠶᠢ ᠡᠷᠡᠰ ᠴᠡᠭᠡᠷᠯᠡᠨ᠎ᠡ᠃  ᠡᠬᠦᠨ ᠤ ᠬᠠᠮᠳᠤ᠂ ᠠᠮᠠᠪᠴᠢ ᠵᠡᠭᠦᠬᠦ᠂  ᠠᠷᠢᠭᠤᠳᠬᠠᠯ ᠬᠢᠬᠦ᠂  ᠠᠵᠢᠯᠳᠠᠳ  ᠤᠨ ᠢᠶᠠᠨ ᠡᠷᠡᠭᠦᠯ ᠮᠡᠨᠳᠦ ᠶᠢ ᠬᠢᠨᠠᠨ ᠠᠵᠢᠭᠯᠠᠬᠤ ᠵᠡᠷᠭᠡ ᠬᠠᠮᠢᠶ᠎ᠠ ᠪᠦᠬᠦᠢ ᠠᠷᠭ᠎ᠠ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠢ ᠠᠵᠢᠯᠳᠠᠳ ᠢ ᠵᠣᠬᠢᠶᠠᠨ ᠪᠠᠶᠢᠭᠤᠯᠵᠤ᠂ ᠪᠠᠶᠢᠩᠭᠤ   ᠶᠢᠨ ᠴᠢᠨᠠᠷᠳᠠᠢ ᠬᠢᠨᠠᠨ  ᠪᠠᠶᠢᠴᠠᠭᠠᠬᠤ ᠠᠵᠢᠯ ᠢ ᠦᠷᠨᠢᠬᠦᠯᠦᠨ᠂ ᠬᠢᠵᠢᠭ  ᠰᠡᠷᠭᠡᠶᠢᠯᠡᠬᠦ ᠠᠷᠭ᠎ᠠ ᠲᠦᠷᠢᠮ ᠢ  ᠰᠠᠶᠢᠳᠤᠷ ᠨᠠᠶᠢᠳᠠᠪᠤᠷᠢᠵᠢᠭᠤᠯᠤᠭᠰᠠᠨ ᠦᠭᠡᠢ ᠪᠠᠶᠢᠪᠠᠯ᠂  ᠬᠤᠯᠪᠤᠭᠳᠠᠬᠤ ᠡᠵᠡᠩᠨᠡᠭᠴᠢ ᠪᠠ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃    ᠭᠤᠷᠪᠠ᠂  ᠰᠤᠷᠭᠠᠭᠤᠯᠢ ᠴᠡᠴᠡᠷᠯᠢᠭ ᠤᠨ ᠪᠠᠭᠰᠢ ᠰᠤᠷᠤᠭᠴᠢᠳ ᠰᠤᠷᠤᠯᠭ᠎ᠠ ᠡᠬᠢᠯᠡᠬᠦ ᠠᠴᠠ 10 ᠡᠳᠦᠷ ᠤᠨ ᠡᠮᠦᠨ᠎ᠡ ᠬᠤᠰᠢᠭᠤᠨ ᠳᠠᠭᠠᠨ ᠢᠷᠡᠵᠦ᠂  ᠦᠪᠡᠷ ᠦᠪᠡᠷ ᠤᠨ ᠰᠤᠷᠭᠠᠭᠤᠯᠢ ᠴᠡᠴᠡᠷᠯᠢᠭ ᠲᠡᠭᠡᠨ ᠡᠷᠡᠭᠦᠯ ᠮᠡᠨᠳᠦ ᠶᠢᠨ ᠪᠠᠶᠢᠳᠠᠯ᠂ ᠣᠶᠢᠷ᠎ᠠ ᠶᠢᠨ ᠬᠤᠭᠤᠴᠠᠭᠠᠨ ᠤ ᠵᠠᠮ ᠮᠥᠷ ᠤᠨ ᠪᠠᠶᠢᠳᠠᠯ ᠢᠶᠠᠨ ᠮᠡᠳᠡᠭᠦᠯᠬᠦ ᠶᠢᠨ ᠬᠠᠮᠲᠤ᠂   ᠡᠷᠡᠭᠦᠯ ᠮᠡᠨᠳᠦ ᠶᠢᠨ ᠠᠵᠢᠭᠯᠠᠯᠳᠠ᠂ ᠪᠥᠭᠡᠮ ᠬᠦᠴᠢᠯ ᠤᠨ ᠪᠠᠶᠢᠴᠠᠭᠠᠯᠲᠡ ᠶᠢᠨ ᠠᠵᠢᠯ ᠢ ᠱᠠᠭᠠᠷᠳᠠᠯᠭ᠎ᠠ ᠶᠤᠰᠤᠭᠠᠷ ᠰᠠᠶᠢᠲᠤᠷ  ᠪᠡᠶᠡᠯᠡᠬᠦᠯᠬᠦ ᠬᠡᠷᠡᠭᠲᠡᠢ᠃    ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠤᠲᠠᠰᠤ᠄ 0479 ︱ 5230665    ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 13947999675    ᠪᠤᠤᠴᠠᠩ ᠪᠠᠯᠭᠠᠰᠤᠨ ︵ᠨᠡᠶᠢᠭᠡᠮ ᠲᠣᠭᠤᠷᠢᠭ︶ ᠤ ᠵᠢᠵᠢᠭᠦᠷᠯᠡᠬᠦ ᠤᠲᠠᠰᠤ᠄ 0479 ︱ 5222227    ᠵᠢᠶᠠᠨ ᠰᠢᠩ ᠨᠡᠶᠢᠭᠡᠮ ᠲᠣᠭᠤᠷᠢᠭ᠄ 13644792511    ᠪᠦᠦ ᠹᠧᠩ ᠨᠡᠶᠢᠭᠡᠮ ᠲᠣᠭᠤᠷᠢᠭ᠄ 13947930729    ᠨᠠᠨ ᠵᠢᠶᠣᠣ ᠨᠡᠶᠢᠭᠡᠮ ᠲᠣᠭᠤᠷᠢᠭ᠄ 18847938988    ᠰᠢᠨ ᠬᠤᠸᠠ ᠨᠡᠶᠢᠭᠡᠮ ᠲᠣᠭᠤᠷᠢᠭ᠄ 13947395770     ᠲᠠᠢ ᠫᠢᠩ ᠨᠡᠶᠢᠭᠡᠮ ᠲᠣᠭᠤᠷᠢᠭ᠄ 15849930009    ᠳ᠋ᠦᠩ ᠵᠢᠶᠣᠣ ᠨᠡᠶᠢᠭᠡᠮ ᠲᠣᠭᠤᠷᠢᠭ᠄ 13947966967    ᠬᠦᠨᠪᠤᠯᠠᠭ ᠰᠤᠮᠤᠨ ᠤ ᠵᠢᠵᠢᠭᠦᠷᠯᠡᠬᠦ ᠤᠲᠠᠰᠤ᠄ 0479 ︱ 5887015       13234794613    ᠴᠢᠶᠠᠨ ᠵᠢᠨ‌‍ᠭᠧᠦ ᠪᠠᠯᠭᠠᠰᠤᠨ ᠤ ᠵᠢᠵᠢᠭᠦᠷᠯᠡᠬᠦ ᠤᠲᠠᠰᠤ᠄ 0479-2265514    15249535203    ᠬᠤᠩ ᠴᠢ ᠪᠠᠯᠭᠠᠰᠤᠨ ᠤ ᠵᠢᠵᠢᠭᠦᠷᠯᠡᠬᠦ ᠤᠲᠠᠰᠤ᠄ 0479 ︱ 5823064    ᠯᠦᠸᠧ ᠲᠦᠸᠧ ᠱᠠᠨ ᠪᠠᠯᠭᠠᠰᠤᠨ ᠤ ᠵᠢᠵᠢᠭᠦᠷᠯᠡᠬᠦ ᠤᠲᠠᠰᠤ᠄ 0479 ︱ 5855017    ᠶᠦᠩ ᠹᠧᠩ ᠪᠠᠯᠭᠠᠰᠤᠨ ᠤ ᠵᠢᠵᠢᠭᠦᠷᠯᠡᠬᠦ ᠤᠲᠠᠰᠤ᠄ 0479-2265106    ᠰᠢᠩ ᠹᠦ᠋ ᠰᠢᠶᠠᠩ ᠤᠨ ᠵᠢᠵᠢᠭᠦᠷᠯᠡᠬᠦ ᠤᠲᠠᠰᠤ᠄ 0479-589968      15547956376                                                                     ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ              ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ                       2022 ᠣᠨ ᠤ 8 ᠰᠠᠷ᠎ᠠ ᠶᠢᠨ 16 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号