ᠲᠠᠶᠢᠹᠤᠰᠧ ᠬᠤᠰᠢᠭᠤᠨ ᠳᠤ ︽ᠷᠠᠳᠢᠣ᠋ ᠲᠧᠯᠸᠢᠰ ᠶᠡᠭᠡ ᠰᠤᠷᠭᠠᠭᠤᠯᠢ ᠶᠢᠨ ᠨᠣᠮ ᠤᠨ ᠥᠷᠥᠭᠡ︾  ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2022/8/18
 8 ᠰᠠᠷ᠎ᠠ ᠶᠢᠨ 17 ᠤ ᠡᠳᠦᠷ᠂ ᠰᠢᠯᠢ ᠶᠢᠨ ᠭᠤᠣᠯ ᠠᠶᠢᠮᠠᠭ ᠤᠨ ᠷᠠᠳᠢᠣ᠋ ᠲᠧᠯᠸᠢᠰ ᠶᠡᠭᠡ ᠰᠤᠷᠭᠠᠭᠤᠯᠢ   ᠨᠢ ᠪᠤᠤᠴᠠᠩ ᠪᠠᠯᠭᠠᠰᠤᠨ ᠤ ᠰᠢᠨ ᠬᠤᠸᠠ ᠨᠡᠶᠢᠬᠡᠮ ᠲᠣᠭᠤᠷᠢᠭ ᠲᠤ ︽ ᠷᠠᠳᠢᠣ᠋ ᠲᠧᠯᠸᠢᠰ ᠶᠡᠭᠡ ᠰᠤᠷᠭᠠᠭᠤᠯᠢ ᠶᠢᠨ ᠨᠣᠮ ᠤᠨ ᠥᠷᠥᠭᠡ︾ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠬᠤ ᠶᠢᠨ ᠬᠠᠮᠲᠤ ᠨᠡᠶᠢᠭᠡᠮ ᠲᠣᠭᠤᠷᠢᠭ ᠤᠨ ︽ᠷᠠᠳᠢᠣ᠋ ᠲᠧᠯᠸᠢᠰ ᠶᠡᠭᠡ ᠰᠤᠷᠭᠠᠭᠤᠯᠢ ᠶᠢᠨ ᠨᠣᠮ ᠤᠨ ᠥᠷᠥᠭᠡ︾ ᠳᠤ 10 ᠲᠦᠮᠡᠨ ᠲᠥᠭᠦᠷᠢᠭ ᠤᠨ ᠥᠷᠲᠡᠭ ᠪᠦᠬᠦᠢ ᠨᠣᠮ ᠪᠢᠴᠢᠭ  ᠬᠠᠨᠳᠢᠪᠯᠠᠭᠰᠠᠨ ᠪᠠᠶᠢᠨ᠎ᠠ᠃ ᠰᠢᠯᠢ ᠶᠢᠨ ᠭᠤᠣᠯ ᠠᠶᠢᠮᠠᠭ ᠤᠨ ᠷᠠᠳᠢᠣ᠋ ᠲᠧᠯᠸᠢᠰ ᠶᠡᠭᠡ ᠰᠤᠷᠭᠠᠭᠤᠯᠢ ᠶᠢᠨ ᠵᠠᠬᠢᠷᠤᠯ ᠰᠦᠨ ᠢᠦᠢ ᠮᠧᠶ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠬᠠᠨᠳᠢᠪ ᠤᠨ ᠶᠣᠰᠣᠯᠠᠯ ᠳᠤ ᠣᠷᠣᠯᠴᠠᠪᠠ᠃ ᠶᠣᠰᠣᠯᠠᠯ ᠳᠡᠭᠡᠷ᠎ᠡ᠂ ᠰᠦᠨ ᠢᠦᠢ ᠮᠧᠢ ᠶᠠᠷᠢᠶᠠᠨ ᠳᠠᠭᠠᠨ᠂ ᠨᠡᠶᠢᠭᠡᠮ ᠲᠣᠭᠤᠷᠢᠭ ᠤᠨ ᠬᠢᠨ ︽ᠷᠠᠳᠢᠣ᠋ ᠲᠧᠯᠸᠢᠰ ᠶᠡᠭᠡ ᠰᠤᠷᠭᠠᠭᠤᠯᠢ ᠶᠢᠨ ᠨᠣᠮ ᠤᠨ ᠦᠷᠦᠭᠡᠨ︾   ᠤ ᠰᠣᠶᠣᠯ ᠮᠡᠳᠡᠯᠭᠡ ᠤᠯᠠᠮᠵᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠣᠮ ᠵᠢᠭᠡᠯᠡᠬᠦ᠂ ᠨᠣᠮ ᠤᠩᠰᠢᠬᠤ ᠳᠦᠷᠢᠮ ᠢ ᠪᠦᠷᠢᠨᠰᠢᠭᠦᠯᠦᠨ᠂ ᠨᠣᠮ ᠤᠨ ᠦᠷᠦᠭᠡᠨ ᠤ ᠪᠠᠶᠢᠭᠤᠯᠤᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠤᠯᠠᠨ ᠵᠦᠢᠯ ᠤᠨ ᠨᠣᠮ ᠤᠩᠰᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠷᠠᠳᠢᠣ᠋ ᠲᠧᠯᠸᠢᠰ ᠶᠡᠭᠡ ᠰᠤᠷᠭᠠᠭᠤᠯᠢ ᠶᠢᠨ ᠨᠣᠮ ᠤᠨ ᠥᠷᠥᠭᠡ︾ ᠶᠢ ᠦᠨᠡᠨ ᠪᠣᠳᠠᠲᠠᠢ ︽ᠠᠮᠢᠯᠠᠭᠤᠯᠬᠤ︾ ᠬᠡᠷᠡᠭᠲᠡᠢ ᠭᠡᠵᠦ ᠬᠦᠰᠡᠪᠡ᠃ ᠯᠢ ᠴᠦᠨ ᠭᠤᠸᠠᠩ ᠢᠯᠡᠷᠬᠡᠶᠢᠯᠡᠬᠦ ᠳᠡᠭᠡᠨ᠂  ᠨᠤᠮ ᠤᠨ ᠦᠷᠦᠭᠡᠨ ᠤ ᠨᠣᠮ ᠪᠢᠴᠢᠭ ᠢ ᠰᠠᠶᠢᠳᠤᠷ ᠠᠰᠢᠭᠯᠠᠵᠤ᠂  ᠠᠷᠠᠳ ᠢᠷᠭᠡᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠤᠳᠬ᠎ᠠ ᠠᠭᠤᠯᠭ᠎ᠠ ᠲᠠᠢ ᠨᠣᠮ ᠤᠩᠰᠢᠬᠤ ᠠᠵᠢᠯᠯᠠᠭ᠎ᠠ ᠶᠢ ᠥᠷᠨᠢᠭᠦᠯᠵᠦ᠂ ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠢ ᠪᠠᠶᠢᠬᠤ ᠠᠭᠤᠷ ᠠᠮᠢᠰᠬᠤᠯ ᠢ ᠢᠳᠡᠪᠬᠢᠲᠡᠢ ᠪᠣᠶ ᠪᠤᠯᠭᠠᠨ᠂ ᠪᠥᠬᠦ ᠠᠷᠠᠳ ᠢᠶᠠᠷ ᠢᠶᠠᠨ ᠨᠣᠮ ᠤᠩᠰᠢᠬᠤ ᠶᠢ ᠶᠡᠭᠡ ᠪᠠᠷ ᠠᠬᠢᠭᠤᠯᠬᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ  ᠦᠵᠡᠬᠦᠯᠬᠦ ᠭᠡᠷᠡᠭᠳᠡᠢ ᠭᠡᠵᠡᠢ᠃     ᠲᠠᠶᠢᠹᠤᠰᠧ ᠬᠤᠰᠢᠭᠤᠨ ᠤ ︽ᠷᠠᠳᠢᠣ᠋ ᠲᠧᠯᠸᠢᠰ ᠶᠡᠭᠡ ᠰᠤᠷᠭᠠᠭᠤᠯᠢ ᠶᠢᠨ ᠨᠣᠮ ᠤᠨ ᠥᠷᠥᠭᠡ︾ ᠶᠢ ᠪᠤᠯ ᠥᠪᠥᠷ ᠮᠣᠩᠭᠤᠯ ᠤᠨ ᠷᠠᠳᠢᠣ᠋ ᠲᠧᠯᠸᠢᠰ  ᠶᠡᠭᠡ ᠰᠤᠷᠭᠠᠭᠤᠯᠢ᠂ ᠰᠢᠯᠢ ᠶᠢᠨ ᠭᠤᠣᠯ ᠠᠶᠢᠮᠠᠭ ᠤᠨ ᠷᠠᠳᠢᠣ᠋ ᠲᠧᠯᠸᠢᠰ ᠶᠡᠭᠡ ᠰᠤᠷᠭᠠᠭᠤᠯᠢ᠂  ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠪᠠ ᠲᠠᠶᠢᠹᠤᠰᠧ ᠬᠤᠰᠢᠭᠤᠨ ᠤ  ᠪᠤᠤᠴᠠᠩ ᠪᠠᠯᠭᠠᠰᠤ ᠬᠠᠮᠲᠤᠷᠠᠨ ᠪᠠᠶᠢᠭᠤᠯᠤᠭᠰᠠᠨ ᠶᠤᠮ᠃ ᠲᠣᠰ ᠨᠣᠮ ᠤᠨ ᠥᠷᠥᠭᠡ ᠨᠢ ᠥᠷᠭᠡᠨ ᠣᠯᠠᠨ ᠰᠠᠭᠤᠭᠠᠯᠢ ᠠᠷᠠᠳ ᠲᠤ ᠮᠡᠳᠡᠯᠭᠡ ᠬᠦᠷᠳᠡᠬᠦ ᠲᠠᠪᠴᠠᠩ᠂ ᠲᠥᠷᠥ ᠶᠢᠨ ᠪᠣᠳᠣᠯᠭ᠎ᠠ ᠬᠠᠤᠯᠢ ᠲᠦᠷᠢᠮ ᠰᠤᠷᠤᠯᠴᠠᠬᠤ ᠰᠠᠭᠤᠷᠢᠨ ᠭᠠᠵᠠᠷ ᠪᠤᠯᠵᠤ᠂ ᠠᠷᠠᠳ ᠢᠷᠭᠡᠳ ᠤᠨ ᠠᠵᠢᠯ ᠤᠨ ᠴᠢᠯᠦᠭᠡ ᠪᠠᠷ ᠢᠶᠠᠨ ᠨᠤᠮ ᠪᠢᠴᠢᠭ ᠤᠩᠰᠢᠵᠤ᠂ ᠨᠣᠮ ᠪᠢᠴᠢᠭ ᠢᠶᠠᠷ ᠠᠮᠢᠳᠤᠷᠠᠯ ᠢᠶᠠᠨ ᠪᠠᠶᠠᠯᠢᠬᠵᠢᠭᠤᠯᠤᠨ᠂ ᠬᠠᠷᠠᠭ᠎ᠠ ᠪᠠᠨ ᠲᠡᠯᠡᠵᠦ᠂  ᠮᠡᠳᠡᠯᠭᠡ ᠪᠠᠨ ᠨᠡᠮᠡᠭᠳᠡᠬᠦᠯᠦᠨ  ᠂ ᠪᠣᠯᠪᠠᠰᠤᠷᠠᠯ ᠢᠶᠠᠨ ᠳᠡᠭᠡᠭᠰᠢᠯᠡᠭᠦᠯᠬᠦ ᠳᠤ ᠶᠡᠬᠡᠬᠡᠨ ᠲᠥᠬᠦᠮ ᠦᠵᠡᠭᠦᠯᠬᠦ ᠤᠴᠢᠷᠳᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号