ᠴᠧᠨ ᠶᠠᠨ ᠪᠦᠦ  ︽304︾  ᠵᠠᠮ ᠤᠨ ᠪᠠᠷᠢᠯᠭ᠎ᠠ ᠶᠢᠨ ᠠᠬᠢᠴᠠ ᠶᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/18
 8 ᠰᠠᠷ᠎ᠠ ᠶᠢᠨ 16 ᠠᠴᠠ 17 ᠤ ᠡᠳᠦᠷ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ︽304︾  ᠮᠤᠵᠢ ᠶᠢᠨ ᠵᠠᠮ ᠤᠨ  ᠪᠤᠤᠴᠠᠩ ᠠᠴᠠ ᠹᠧᠩ ᠱᠧᠩ ᠬᠦᠷᠬᠦ ᠬᠡᠰᠡᠭ᠂ ᠰᠢ ᠭᠠᠨ ᠭᠧᠦ ᠠᠴᠠ ᠵᠥᠩ ᠾᠧ ᠬᠦᠷᠬᠦ ᠬᠡᠰᠡᠭ ᠤᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠨ᠂ ᠪᠠᠷᠢᠯᠭ᠎ᠠ ᠶᠢᠨ ᠠᠬᠢᠴᠠ ᠶᠢ ᠪᠠᠶᠢᠴᠠᠭᠠᠨ ᠦᠵᠡᠵᠦ᠂  ᠠᠵᠢᠯ ᠤᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ  ᠤᠶᠢᠯᠠᠭᠠᠭᠰᠠᠨ ᠤ ᠬᠠᠮᠲᠤ ᠠᠬᠢᠴᠠ ᠬᠤᠷᠳᠤᠴᠠ᠂  ᠶᠠᠰᠤ ᠴᠢᠨᠠᠷ᠂ ᠠᠶᠤᠯᠭᠦᠢ ᠦᠢᠯᠡᠳᠪᠦᠷᠢᠯᠡᠯ ᠪᠠ ᠬᠢᠵᠢᠭ  ᠰᠡᠷᠭᠡᠶᠢᠯᠡᠯᠳᠡ ᠵᠡᠷᠭᠡ  ᠠᠵᠢᠯ ᠤᠨ ᠲᠠᠯ᠎ᠠ ᠪᠠᠷ ᠪᠣᠳᠠᠲᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠴᠧᠨ ᠶᠠᠨ ᠪᠦᠦ ᠵᠢᠭᠠᠵᠤ  ᠭᠠᠷᠭᠠᠬᠤ ᠳᠠᠭᠠᠨ᠂ ︽304︾ ᠱᠤᠭᠤᠮ ᠤᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠬᠦ ᠨᠢ ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ᠂ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠂ ᠡᠷᠬᠢᠨ ᠲᠣᠭᠤᠷᠢᠨ ᠤ ᠬᠤᠰᠢᠭᠤ ᠰᠢᠶᠠᠨ ᠯᠤᠭ᠎ᠠ ᠬᠤᠯᠪᠣᠯᠳᠤᠨ ᠨᠡᠪᠲᠡᠷᠡᠯᠴᠡᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠥᠷᠥᠯ ᠵᠦᠢᠯ ᠤᠨ ᠠᠯᠪᠠᠨ ᠭᠡᠷ ᠪᠣᠯᠣᠨ ᠬᠤᠯᠪᠤᠭᠳᠠᠬᠤ ᠰᠤᠮᠤ ᠰᠢᠶᠠᠩ ᠪᠠᠯᠭᠠᠰᠤ ᠨᠢ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠪᠠᠷᠢᠯᠭ᠎ᠠ   ᠶᠢᠨ ᠶᠠᠪᠤᠴᠠ ᠲᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ  ᠰᠢᠢᠳᠪᠦᠷᠢᠯᠡᠬᠦ ᠭᠡᠷᠡᠭᠳᠡᠢ᠃ ᠪᠠᠷᠢᠯᠭ᠎ᠠ   ᠶᠢᠨ ᠨᠢᠭᠡᠴᠡ ᠨᠦᠭᠦᠳ   ᠨᠢ ᠲᠦᠰᠦᠪ ᠲᠥᠯᠥᠪᠯᠡᠭᠡ ᠶᠤᠰᠤᠭᠠᠷ ᠠᠵᠢᠯ ᠢᠶᠠᠨ ᠠᠬᠢᠭᠤᠯᠵᠤ᠂ ᠠᠶᠤᠯᠬᠦᠢ ᠦᠢᠯᠡᠳᠪᠦᠷᠢᠯᠡᠯ ᠪᠠ  ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠬᠦᠮᠦᠨ ᠤ ᠬᠦᠴᠦᠨ ᠪᠠ ᠪᠡᠯᠡᠳᠬᠡᠮᠵᠢ ᠲᠥᠬᠦᠭᠡᠷᠦᠮᠵᠢ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠷᠪᠠᠳᠤᠭᠠᠷ ᠤᠯᠠᠷᠢᠯ   ᠳᠠᠬᠢ ᠪᠠᠷᠢᠯᠭ᠎ᠠ ᠶᠢᠨ ︽ᠰᠢᠵᠢᠷ ᠠᠯᠳᠠᠨ ᠴᠠᠭ ᠬᠤᠭᠤᠴᠠᠭ᠎ᠠ︾ ᠶᠢ ᠵᠠᠪᠳᠤᠨ᠂ ᠲᠣᠭᠲᠠᠭᠰᠠᠨ ᠬᠠᠷᠠᠯᠲᠠ ᠶᠣᠰᠣᠭᠠᠷ ᠲᠡᠷᠭᠡ ᠤᠨᠤᠭ᠎ᠠ ᠨᠡᠪᠲᠡᠷᠡᠬᠦ ᠶᠢ ᠪᠠᠲᠤᠯᠠᠬᠤ ᠬᠡᠷᠡᠭᠲᠡᠢ  ᠭᠡᠪᠡ᠃  ᠳᠡᠳ᠋ ᠬᠤᠰᠢᠭᠤ ᠳᠠᠷᠤᠭ᠎ᠠ  ᠡᠷᠳᠡᠨᠢᠪᠠᠭᠠᠳᠤᠷ᠂ ᠵᠠᠰᠠᠭ ᠤᠨ ᠣᠷᠳᠣᠨ ᠤ ᠠᠯᠪᠠᠨ ᠭᠡᠷ᠂ ᠵᠠᠮ ᠬᠠᠷᠢᠯᠴᠠᠭᠠᠨ ᠤ ᠲᠣᠪᠴᠢᠶ᠎ᠠ᠂  ︽304︾ ᠱᠤᠭᠤᠮ ᠤᠨ ᠲᠥᠷᠥᠯ ᠵᠦᠢᠯ ᠤᠨ ᠠᠯᠪᠠᠨ ᠭᠡᠷ ᠤᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号