︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠳᠠᠬᠢ ᠲᠡᠦᠬᠡᠨ ᠲᠤᠮᠤ ᠬᠡᠷᠡᠭ ᠶᠠᠪᠤᠳᠠᠯ ᠤᠨ ᠲᠡᠮᠳᠡᠭᠯᠡᠯ ︵2001 ︱ 2021︶︾ ︵ᠡᠬᠡ ᠨᠤᠤᠷᠠᠭ︶ ᠢ ᠬᠢᠨᠠᠨ ᠲᠣᠭᠲᠠᠭᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2022/8/19
    8 ᠰᠠᠷ᠎ᠠ ᠶᠢᠨ 18 ᠤ ᠡᠳᠦᠷ᠂  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ  ᠳᠠᠬᠢ ᠲᠡᠦᠬᠡᠨ ᠲᠤᠮᠤ ᠬᠡᠷᠡᠭ ᠶᠠᠪᠤᠳᠠᠯ ᠤᠨ ᠲᠡᠮᠳᠡᠭᠯᠡᠯ ︵2001 ︱ 2021︶︾ ︵ᠡᠬᠡ ᠨᠤᠤᠷᠠᠭ︶ ᠢ ᠬᠢᠨᠠᠨ ᠲᠣᠭᠲᠠᠭᠠᠬᠤ ᠬᠤᠷᠠᠯ ᠬᠢᠵᠦ᠂ ᠳᠡᠳ᠋ ᠬᠤᠰᠢᠭᠤ ᠳᠠᠷᠤᠭ᠎ᠠ  ᠡᠷᠳᠠᠨᠢᠪᠠᠭᠠᠳᠤᠷ ᠬᠤᠷᠠᠯ ᠢ ᠡᠷᠬᠢᠯᠡᠨ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ᠂ ᠨᠠᠶᠢᠷᠠᠭᠤᠯᠬᠤ ᠵᠥᠪᠯᠡᠯ ᠤᠨ ᠳᠡᠳ᠋ ᠡᠷᠬᠢᠯᠡᠭᠴᠢ ᠵᠣᠣ ᠬᠠᠢ ᠯᠢ ᠬᠤᠷᠠᠯ ᠳᠤ  ᠤ ᠷᠤᠯᠴᠠᠵᠤ ᠶᠠᠷᠢᠶ᠎ᠠ ᠲᠠᠯᠪᠢᠭᠰᠠᠨ ᠪᠠᠶᠢᠨ᠎ᠠ᠃ ᠬᠤᠷᠠᠯ ᠠᠴᠠ᠂  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠳᠠᠬᠢ ᠲᠡᠦᠬᠡᠨ ᠲᠤᠮᠤ ᠬᠡᠷᠡᠭ ᠶᠠᠪᠤᠳᠠᠯ ᠤᠨ ᠲᠡᠮᠳᠡᠭᠯᠡᠯ ︵2001 ᡺ 2021︶︾ ᠢ ᠨᠠᠶᠢᠷᠠᠭᠤᠯᠤᠨ ᠬᠡᠪᠯᠡᠭᠦᠯᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠮᠠᠨ ᠤ ᠬᠤᠰᠢᠭᠤᠨ ᠤ ᠲᠡᠦᠬᠡ ᠣᠶᠢᠯᠠᠯᠭ᠎ᠠ ᠶᠢᠨ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠪᠤᠰᠤᠳ ᠭᠠᠵᠠᠷ ᠣᠷᠣᠨ ᠤ ᠰᠠᠶᠢᠨ ᠠᠷᠭ᠎ᠠ ᠲᠤᠷᠰᠢᠯᠭ᠎ᠠ  ᠪᠠᠷ ᠯᠠᠪᠯᠠᠯᠲᠠ ᠪᠣᠯᠭᠠᠵᠤ᠂ ᠴᠠᠭ ᠬᠤᠭᠤᠴᠠᠭᠠᠨ ᠤ ᠲᠠᠯ᠎ᠠ ᠪᠠᠷ ᠰᠢᠪᠲᠤᠯᠤᠯᠲᠠ ᠭᠠᠷᠭᠠᠬᠤ᠂ ᠠᠭᠤᠯᠭ᠎ᠠ ᠶᠢᠨ ᠲᠠᠯ᠎ᠠ ᠪᠠᠷ ᠰᠢᠨ᠎ᠡ ᠶᠢ ᠡᠬᠦᠳᠬᠦ᠂ ᠶᠠᠰᠤ ᠴᠢᠨᠠᠷ ᠤᠨ ᠲᠠᠯ᠎ᠠ ᠪᠠᠷ ᠳᠡᠭᠡᠭᠰᠢᠯᠡᠭᠦᠯᠬᠦ ᠶᠢ ᠪᠠᠷᠢᠮᠳᠠᠯᠠᠨ᠂  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠳᠠᠬᠢ ᠲᠡᠦᠬᠡᠨ ᠲᠤᠮᠤ ᠬᠡᠷᠡᠭ ᠶᠠᠪᠤᠳᠠᠯ ᠤᠨ ᠲᠡᠮᠳᠡᠭᠯᠡᠯ ︵2001 — 2021︶︾  ᠢ ᠦᠨᠡᠨᠬᠦ  ᠲᠡᠦᠬᠡ ᠰᠤᠶᠤᠯ ᠤᠨ ᠦᠨᠡᠳᠦ ᠦᠪ  ᠪᠣᠯᠭᠠᠬᠤ ᠬᠡᠷᠡᠭᠲᠡᠢ ᠬᠡᠵᠦ ᠱᠠᠭᠠᠷᠳᠠᠪᠠ᠃ ᠬᠤᠷᠠᠯ ᠳᠤ ᠣᠷᠣᠯᠴᠠᠭᠰᠠᠨ ᠬᠢᠨᠠᠨ ᠲᠣᠭᠲᠠᠭᠠᠭᠴᠢ  ᠨᠠᠷ ᠠᠴᠠ  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠳᠠᠬᠢ ᠲᠡᠦᠬᠡᠨ ᠲᠤᠮᠤ ᠬᠡᠷᠡᠭ ᠶᠠᠪᠤᠳᠠᠯ ᠤᠨ ᠲᠡᠮᠳᠡᠭᠯᠡᠯ ︵2001 ︱ 2021︶︾ ︵ᠡᠬᠡ ᠨᠤᠤᠷᠠᠭ︶   ᠳᠤ ᠬᠢᠨᠠᠨ ᠲᠤᠭᠳᠠᠭᠠᠯᠳᠠ ᠬᠢᠵᠡᠢ᠃  ᠨᠠᠶᠢᠷᠠᠭᠤᠯᠬᠤ ᠵᠥᠪᠯᠡᠯ ᠤᠨ ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ᠂ ᠣᠨᠴᠠ ᠤᠷᠢᠭᠰᠠᠨ ᠬᠢᠨᠠᠨ  ᠲᠤᠭᠳᠠᠭᠠᠭᠴᠢ ᠨᠠᠷ  ᠬᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号