ᠰᠢᠯᠢ ᠶᠢᠨ ᠭᠤᠣᠯ ᠠᠶᠢᠮᠠᠭ ᠤᠨ ᠷᠠᠳᠢᠣ᠋ ᠲᠧᠯᠸᠢᠰ ᠶᠡᠭᠡ ᠰᠤᠷᠭᠠᠭᠤᠯᠢ ᠶᠢᠨ ᠬᠢᠨ ᠲᠠᠶᠢᠹᠤᠰᠧ ᠬᠤᠰᠢᠭᠤᠨ ᠳᠤ ︽ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ︾ ᠤᠨ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2022/8/19
    ᠲᠠᠶᠢᠹᠤᠰᠧ ᠬᠤᠰᠢᠭᠤᠨ ᠤ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠢ ᠪᠠᠶᠠᠯᠢᠭᠵᠢᠭᠤᠯᠤᠨ᠂  ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠶᠢᠨ ᠲᠤᠰᠠᠳᠠ᠂ 8 ᠰᠠᠷ᠎ᠠ ᠶᠢᠨ 17 ᠤ ᠡᠳᠦᠷ ᠰᠢᠯᠢ ᠶᠢᠨ ᠭᠤᠣᠯ ᠠᠶᠢᠮᠠᠭ ᠤᠨ ᠷᠠᠳᠢᠣ᠋ ᠲᠧᠯᠸᠢᠰ ᠶᠡᠭᠡ ᠰᠤᠷᠭᠠᠭᠤᠯᠢ ᠶᠢᠨ ᠵᠠᠬᠢᠷᠤᠯ ᠰᠦᠨ ᠢᠦᠢ ᠮᠧᠶ  ᠵᠡᠷᠭᠡ ᠬᠦᠮᠦᠰ ᠪᠤᠤᠴᠠᠩ ᠪᠠᠯᠭᠠᠰᠤᠨ ᠤ ᠲᠠᠶᠢᠫᠢᠩ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ︽ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ︾ ᠤᠨ ᠪᠣᠯᠪᠠᠰᠤᠷᠠᠯ ᠤᠨ ᠠᠩᠭᠢ ᠡᠷᠬᠢᠯᠡᠭᠰᠡᠨ ᠪᠠᠶᠢᠨ᠎ᠠ᠃ ᠪᠣᠯᠪᠠᠰᠤᠷᠠᠯ ᠡᠬᠢᠯᠡᠬᠦ ᠬᠤᠷᠠᠯ ᠳᠡᠭᠡᠷ᠎ᠡ ᠂ ᠰᠦᠨ ᠢᠦᠢ ᠮᠧᠶ ᠠᠴᠠ ︽ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ︾  ᠬᠡᠮᠡᠬᠦ ᠰᠡᠳᠦᠪ ᠢᠶᠠᠷ ᠬᠢᠴᠢᠶᠡᠯ ᠲᠠᠶᠢᠯᠤᠮᠵᠢ ᠬᠢᠵᠡᠢ᠃  ᠲᠡᠷᠡᠪᠡᠷ  ᠰᠡᠳᠬᠢᠴᠡ ᠶᠢᠨ ᠪᠡᠶ᠎ᠡ ᠮᠠᠬᠠᠪᠤᠳ ᠲᠤ ᠦᠵᠡᠭᠦᠯᠬᠦ ᠨᠥᠯᠥᠭᠡ᠂   ᠰᠡᠳᠬᠢᠴᠡ ᠶᠢᠨ ᠡᠷᠡᠭᠦᠯ ᠮᠡᠨᠳᠦ ᠶᠢᠨ ᠪᠠᠷᠢᠮᠵᠢᠶ᠎ᠠ᠂ ᠨᠠᠰᠤᠲᠠᠶᠢᠴᠤᠳ ᠲᠤ ᠦᠷᠭᠦᠯᠵᠢ ᠲᠣᠬᠢᠶᠠᠯᠳᠤᠳᠠᠭ ᠰᠡᠳᠬᠢᠴᠡ ᠶᠢᠨ ᠠᠰᠠᠭᠤᠳᠠᠯ ᠵᠡᠷᠭᠡ ᠶᠢᠨ ᠲᠣᠭᠤᠷᠢᠨ ᠳᠤ᠂ ᠲᠦᠬᠦᠮ ᠣᠶᠢᠯᠠᠭᠠᠮᠵᠢᠲᠠᠢ ᠦᠭᠡ ᠬᠡᠯᠡ ᠪᠠᠷ ᠥᠷᠭᠡᠨ ᠣᠯᠠᠨ ᠨᠠᠰᠤᠲᠠᠶᠢᠴᠤᠳ ᠲᠤ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠮᠡᠷᠭᠡᠵᠢᠯ ᠢ  ᠤᠯᠠᠮᠵᠢᠯᠠᠵᠤ᠂ ᠨᠠᠰᠤᠲᠠᠶᠢᠴᠤᠳ ᠢ ᠴᠠᠭ ᠢᠮᠠᠭᠳᠠ ᠰᠡᠳᠬᠢᠯ ᠲᠠᠶᠢᠪᠤᠭᠤᠨ ᠰᠠᠨᠠᠭ᠎ᠠ ᠬᠠᠩᠬᠤᠯᠤᠭᠤᠨ ᠪᠠᠶᠢᠵᠤ᠂ ᠡᠷᠡᠭᠦᠯ  ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠣᠩᠭᠤᠵᠤ ᠡᠳᠦᠷ ᠰᠠᠷ᠎ᠠ ᠶᠢ ᠪᠠᠶᠠᠷ ᠬᠥᠷ ᠲᠠᠢ ᠥᠩᠭᠡᠷᠡᠭᠦᠯᠬᠦ ᠭᠡᠷᠡᠭᠳᠡᠢ ᠬᠡᠮᠡᠨ ᠵᠢᠭᠠᠨ ᠵᠢᠯᠤᠭᠤᠳᠴᠠᠢ᠃ ᠪᠣᠯᠪᠠᠰᠤᠷᠠᠯ ᠤᠨ ᠠᠬᠤᠢ ᠲᠠᠯᠠᠪᠠᠢ ᠳᠤ᠂ ᠨᠠᠰᠤᠲᠠᠶᠢᠴᠤᠳ  ᠬᠢᠴᠢᠶᠡᠯ ᠲᠠᠶᠢᠯᠤᠮᠵᠢ ᠶᠢ ᠠᠮᠳᠠᠷᠬᠠᠨ ᠰᠣᠨᠣᠰᠴᠤ᠂  ᠣᠯᠣᠯᠲᠠ  ᠲᠦᠷᠦᠭᠳᠡᠯ ᠢᠶᠠᠨ  ᠬᠤᠪᠢᠶᠠᠯᠴᠠᠬᠤ ᠶᠢᠨ ᠬᠠᠮᠳᠤ᠂  ᠥᠲᠡᠯᠦᠭᠡ ᠨᠠᠰᠤᠨ ᠤ ᠠᠮᠢᠳᠤᠷᠠᠯ ᠢᠶᠠᠨ ᠵᠣᠬᠢᠰᠲᠠᠢ ᠲᠣᠬᠢᠷᠠᠭᠤᠯᠵᠤ᠂ ᠠᠮᠢᠳᠤᠷᠠᠯ ᠤᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ᠎ᠡ ᠭᠡᠵᠦ  ᠢᠯᠡᠷᠭᠡᠶᠢᠯᠡᠵᠡᠬᠡᠨ᠎ᠡ᠃ ᠪᠣᠯᠪᠠᠰᠤᠷᠠᠯ ᠳᠡᠭᠡᠷ᠎ᠡ ᠪᠠᠰᠠ ︽ᠨᠠᠰᠤᠲᠠᠶᠢᠴᠤᠳ ᠤᠨ ᠤᠶᠤᠨᠴᠢ ᠭᠠᠷ  ᠤᠳᠠᠰᠤ ᠭᠡᠷᠡᠭᠯᠡᠬᠦ  ᠵᠢᠯᠤᠭᠤᠳᠤᠮᠵᠢ ᠶᠢᠨ ᠲᠡᠪᠳᠡᠷ︾ ᠢ ᠲᠠᠷᠬᠠᠭᠠᠵᠤ᠂   ᠤᠶᠤᠨᠴᠢ ᠭᠠᠷ ᠤᠳᠠᠰᠤ ᠭᠡᠷᠡᠭᠯᠡᠬᠦ ᠦᠨᠳᠦᠰᠦᠨ ᠠᠷᠭ᠎ᠠ ᠲᠡᠮ  ᠢ ᠨᠠᠰᠤᠲᠠᠶᠢᠴᠤᠳ ᠲᠤ ᠡᠵᠡᠮᠰᠢᠬᠦᠯᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号