ᠲᠠᠶᠢᠹᠤᠰᠧ ᠬᠤᠰᠢᠭᠤ ᠪᠣᠬᠢᠷᠳᠤᠯ ᠦᠭᠡᠢ ᠠᠭᠤᠷᠬᠠᠢ ᠶᠢᠨ  ᠪᠠᠶᠢᠭᠤᠯᠤᠯᠲᠠ ᠶᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2022/8/19
    8 ᠰᠠᠷ᠎ᠠ ᠶᠢᠨ 17 ᠤ ᠡᠳᠦᠷ᠂  ᠲᠠᠶᠢᠹᠤᠰᠧ ᠬᠤᠰᠢᠭᠤ ᠪᠣᠬᠢᠷᠳᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠪᠠᠶᠢᠩᠭᠤ ᠶᠢᠨ ᠲᠡᠳ᠋ ᠬᠤᠰᠢᠭᠤ ᠳᠠᠷᠤᠭ᠎ᠠ ᠶᠢᠨ ᠶᠦᠩ ᠾᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠷᠠᠯ ᠠᠴᠠ ᠵᠢᠭᠠᠵᠤ  ᠭᠠᠷᠭᠠᠬᠤ ᠳᠠᠭᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ  ᠬᠢᠨ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠪᠥᠬᠦ ᠲᠠᠯ᠎ᠠ ᠪᠠᠷ᠂  ᠵᠦᠪ ᠣᠨᠣᠪᠴᠢᠲᠠᠶ᠂ ᠪᠦᠷᠢᠨ ᠪᠦᠲᠦᠨ ᠲᠤᠤᠱᠯᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ  ᠤᠯᠤᠰ᠂  ᠣᠷᠣᠨ᠂ ᠠᠶᠢᠮᠠᠭ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠢᠮᠪᠠᠢ ᠨᠠᠶᠢᠳᠠᠪᠤᠷᠢᠵᠢᠭᠤᠯᠤᠨ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠨᠠᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠮᠡᠷᠭᠡᠵᠢᠯ ᠤᠨ ᠥᠭᠡᠷᠡᠴᠢᠯᠡᠯᠲᠡ᠂ ᠣᠷᠴᠢᠨ ᠲᠣᠭᠤᠷᠢᠨ ᠤ ᠵᠠᠰᠠᠯᠳᠠ ᠵᠡᠷᠭᠡ ᠡᠯ᠎ᠡ  ᠲᠦᠷᠦᠯ ᠤᠨ ᠠᠵᠢᠯ ᠢ ᠲᠦᠷᠭᠡᠳᠬᠡᠨ  ᠠᠬᠢᠭᠤᠯᠬᠤ ᠭᠡᠷᠡᠭᠳᠡᠢ᠃  ᠬᠠᠮᠢᠶ᠎ᠠ ᠪᠦᠬᠦᠢ ᠰᠠᠯᠠᠭ᠎ᠠ ᠮᠥᠴᠢᠷ ᠪᠠ ᠠᠵᠤ ᠠᠬᠤᠶᠢᠯᠠᠯ ᠤᠳ ᠨᠢ ᠠᠭᠤᠷᠬᠠᠢ ᠶᠢᠨ ᠤᠷᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢᠨ ᠴᠢᠬᠤᠯᠠ ᠴᠢᠨᠠᠷ ᠪᠠ ᠲᠥᠪ ᠴᠢᠩᠭ᠎ᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ  ᠲᠡᠭᠡᠭᠰᠢᠯᠡᠬᠦᠯᠦᠨ᠂ ᠴᠡᠭᠴᠡᠯᠡᠨ ᠰᠠᠶᠢᠵᠢᠷᠠᠭᠤᠯᠬᠤ ᠠᠵᠢᠯ ᠢ  ᠴᠢᠩᠭ᠎ᠠ ᠠᠳᠬᠤᠨ ᠨᠠᠶᠢᠳᠠᠪᠤᠷᠢᠵᠢᠭᠤᠯᠵᠤ᠂  ᠮᠠᠯᠳᠠᠵᠤ ᠬᠠᠶᠠᠭᠰᠠᠨ ᠭᠤᠤ ᠭᠠᠩᠭ᠎ᠠ ᠶᠢ ᠰᠡᠷᠬᠦᠬᠡᠨ ᠵᠠᠰᠠᠬᠤ   ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠦᠨ᠂  ᠵᠠᠰᠠᠯᠳᠠ ᠶᠢᠨ ᠲᠥᠯᠥᠪᠯᠡᠭᠡ ᠪᠠᠨ ᠲᠡᠭᠦᠯᠳᠡᠷᠵᠢᠭᠦᠯᠵᠦ᠂  ᠵᠠᠰᠠᠯᠳᠠ ᠶᠢᠨ ᠠᠷᠭ᠎ᠠ ᠪᠠᠨ ᠨᠠᠷᠢᠯᠢᠭᠵᠢᠭᠤᠯᠤᠨ᠂ ᠡᠯ᠎ᠡ  ᠭᠤᠭᠴᠤᠭᠠᠨ ᠤ ᠠᠵᠢᠯ ᠤᠨ ᠶᠠᠰᠤ ᠴᠢᠨᠠᠷ ᠢ  ᠪᠠᠳᠤᠯᠠᠵᠤ᠂  ᠡᠬᠢ ᠪᠠᠶᠠᠯᠢᠭ ᠤᠨ ᠠᠰᠢᠭᠯᠠᠯᠳᠠ  ᠪᠠ ᠣᠷᠴᠢᠨ ᠲᠣᠭᠤᠷᠢᠨ   ᠤ ᠬᠠᠮᠠᠭᠠᠯᠠᠯᠳᠠ ᠶᠢᠨ ᠡᠶ᠎ᠡ ᠵᠣᠬᠢᠴᠠᠯ ᠲᠠᠢ ᠬᠥᠭᠵᠢᠬᠦ ᠶᠢ ᠪᠡᠶᠡᠯᠡᠬᠦᠯᠦᠨ᠂  ᠵᠠᠰᠠᠯᠳᠠ ᠶᠢᠨ ᠠᠵᠢᠯ   ᠢ ᠥᠨᠳᠥᠷ  ᠪᠠᠷᠢᠮᠵᠢᠶ᠎ᠠ ᠪᠠᠷ  ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ   ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠬᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠬᠦᠨᠳᠦ ᠶᠡᠭᠡ ᠠᠶᠤᠯ ᠭᠡᠮ  ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂  ᠬᠢᠨᠠᠯᠳᠠ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠷᠠᠭᠤᠯᠤᠨ᠂ ᠠᠭᠤᠷᠬᠠᠢ ᠶᠢᠨ ᠬᠦᠷᠢᠶᠡᠨ ᠤ ᠬᠠᠮᠢᠶ᠎ᠠ ᠪᠦᠬᠦᠢ ᠠᠵᠢᠯ ᠢ ᠯᠠᠪᠳᠠᠭᠤᠨ ᠲᠤᠭᠳᠠᠭᠤᠨ᠂  ᠡᠮᠬᠢ ᠲᠢᠭᠯᠡᠮ ᠲᠠᠢ᠂ ᠠᠮᠤᠷ ᠲᠦᠪᠰᠢᠨ ᠢᠶᠠᠷ ᠠᠬᠢᠭᠤᠯᠬᠤ ᠬᠡᠷᠡᠭᠲᠡᠢ ᠬᠡᠪᠡ᠃ ᠬᠤᠷᠠᠯ ᠳᠡᠭᠡᠷ᠎ᠡ᠂ ᠪᠥᠬᠦ ᠬᠤᠰᠢᠭᠤᠨ ᠤ ᠪᠣᠬᠢᠷᠳᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠬᠦᠯᠦᠯᠳᠡ ᠰᠤᠨᠤᠰᠴᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠠᠴᠠ ᠰᠠᠨᠠᠯ ᠢᠶᠠᠨ ᠰᠤᠯᠢᠯᠴᠠᠬᠤ  ᠶᠠᠷᠢᠶ᠎ᠠ ᠲᠠᠯᠪᠢᠵᠠᠢ᠃  ᠬᠤᠰᠢᠭᠤᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ  ᠬᠠᠷᠢᠭᠤᠴᠠᠯᠭᠠᠲᠠᠨ ᠪᠠ  ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号