ᠲᠠᠶᠢᠹᠤᠰᠧ ᠬᠤᠰᠢᠭᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠷᠤᠯᠳᠤᠭᠠᠨ ᠡᠷᠬᠢᠯᠡᠭᠰᠡᠨ
ᠨᠡᠶᠢᠲᠡᠯᠡᠭᠰᠡᠨ ᠴᠠᠭ᠄
2022/8/2
   7 ᠰᠠᠷ᠎ᠠ ᠶᠢᠨ 29 ᠤ ᠡᠳᠦᠷ᠂ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ 2022 ᠣᠨ ᠤ ︽ᠠᠮᠤᠭᠤᠯᠠᠩ ᠬᠤᠨᠳᠠᠭᠠᠲᠤ︾ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠷᠤᠯᠳᠤᠭᠠᠨ ᠡᠷᠬᠢᠯᠡᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠲᠡᠳ᠋ ᠬᠤᠰᠢᠭᠤ ᠳᠠᠷᠤᠭ᠎ᠠ ᠶᠢᠨ ᠶᠦᠩ ᠾᠧ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠲᠡᠳ᠋ ᠡᠷᠭᠢᠯᠡᠭᠴᠢ ᠪᠠᠭᠠᠲᠤᠷ᠂  ᠤᠯᠤᠰ ᠳᠦᠷᠤ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠯᠢᠦ ᠲᠢᠩ ᠰᠢᠸ ᠠᠬᠤᠢ ᠲᠠᠯᠠᠪᠠᠢ ᠳᠤ ᠬᠦᠷᠴᠦ ᠤᠷᠤᠯᠳᠤᠭᠠᠨ ᠢ ᠰᠤᠨᠢᠷᠬᠠᠪᠠ᠃  ᠮᠡᠳᠡᠯᠭᠡ ᠶᠢᠨ ᠤᠷᠤᠯᠳᠤᠭᠠᠨ ᠤ ᠠᠭᠤᠯᠭ᠎ᠠ ᠳᠤ ︽ᠠᠵᠢᠯᠴᠢᠨ ᠤ ᠡᠪᠯᠡᠯ ᠤᠨ ᠬᠠᠤᠯᠢ︾᠂ ︽ᠠᠶᠤᠯᠭᠦᠢ ᠦᠢᠯᠡᠳᠪᠦᠷᠢᠯᠡᠯ ᠤᠨ ᠬᠠᠤᠯᠢ︾ ᠪᠠ ︽ᠠᠵᠢᠯ  ᠮᠡᠷᠭᠡᠵᠢᠯ ᠤᠨ ᠨᠦᠯᠦᠭᠡᠨ ᠠᠴᠠ ᠪᠤᠯᠤᠭᠰᠠᠨ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ  ᠬᠠᠮᠢᠶ᠎ᠠ ᠪᠦᠬᠦᠢ ᠠᠭᠤᠯᠭ᠎ᠠ ᠶᠢ ᠪᠠᠭᠳᠠᠭᠠᠵᠤ᠂ ᠪᠥᠬᠦ ᠬᠤᠰᠢᠭᠤᠨ ᠤ ᠪᠠᠶᠢᠭᠤᠯᠭ᠎ᠠ ᠨᠢᠭᠡᠴᠡ ᠪᠠ ᠠᠵᠤ ᠠᠬᠤᠶᠢᠯᠠᠯ ᠤᠨ 16 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠵᠠᠢ᠃ ᠪᠡᠯᠡᠳᠬᠡᠯ ᠤᠷᠤᠯᠳᠤᠭᠠᠨ ᠤ ᠬᠤᠷᠴᠠ ᠰᠢᠷᠦᠭᠦᠨ ᠥᠷᠢᠰᠦᠯᠳᠦᠭᠡᠨ ᠢᠶᠠᠷ ᠲᠠᠮᠵᠢᠭᠠᠳ᠂ ᠨᠡᠶᠢᠲᠡ 8 ᠲᠥᠯᠥᠭᠡᠯᠡᠭᠴᠢᠳ ᠤᠨ ᠠᠩᠭᠢ ᠰᠢᠢᠳᠪᠦᠷᠢᠲᠦ ᠤᠷᠤᠯᠳᠤᠭᠠᠨ ᠳᠤ ᠤᠷᠤᠵᠤ᠂ ᠡᠴᠦᠰ ᠲᠡᠭᠡᠨ ᠬᠤᠰᠢᠭᠤᠨ ᠤ ᠡᠪ ᠬᠠᠮᠳᠤ ᠵᠠᠯᠠᠭᠤᠴᠤᠳ ᠤᠨ ᠡᠪᠯᠡᠯ ᠤᠨ ᠬᠤᠷᠢᠶᠠᠨ ᠤ ᠲᠥᠯᠥᠭᠡᠯᠡᠭᠴᠢᠳ ᠤᠨ ᠠᠩᠭᠢ ᠲᠡᠷᠢᠬᠦᠯᠡᠵᠦ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠲᠥᠯᠥᠭᠡᠯᠡᠭᠴᠢᠳ ᠤᠨ ᠠᠩᠭᠢ᠂ ᠪᠠᠶᠢᠴᠠᠭᠠᠬᠤ ᠬᠤᠷᠢᠶᠠᠨ ᠤ ᠲᠥᠯᠥᠭᠡᠯᠡᠭᠴᠢᠳ ᠤᠨ ᠠᠩᠭᠢ ᠬᠤᠶᠠᠳᠤᠭᠠᠷ ᠲᠤ ᠰᠢᠯᠭᠠᠷᠠᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠲᠥᠯᠥᠭᠡᠯᠡᠭᠴᠢᠳ ᠤᠨ ᠠᠩᠭᠢ᠂ ᠵᠠᠰᠠᠭ ᠤᠨ ᠣᠷᠳᠣᠨ ᠤ ᠠᠯᠪᠠᠨ ᠭᠡᠷ ᠤᠨ ᠲᠥᠯᠥᠭᠡᠯᠡᠭᠴᠢᠳ ᠤᠨ ᠠᠩᠭᠢ᠂ ᠲᠠᠯ᠎ᠠ ᠨᠤᠲᠤᠭ  ᠠᠷᠢᠬᠢ ᠨᠡᠷᠡᠬᠦ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠳᠡᠰ ᠲᠤ ᠰᠢᠯᠭᠠᠷᠠᠵᠠᠢ᠃  ᠡᠨᠡ ᠤᠳᠠᠭᠠᠨ ᠤ ᠮᠡᠳᠡᠯᠭᠡ ᠶᠢᠨ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠪᠠ ᠬᠠᠤᠯᠢ ᠴᠠᠭᠠᠵᠠ ᠲᠦᠷᠢᠮ ᠲᠣᠭᠲᠠᠭᠠᠯ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠬᠦᠴᠦᠲᠡᠢ ᠠᠬᠢᠭᠤᠯᠵᠤ᠂ ᠪᠥᠬᠦ ᠨᠡᠶᠢᠭᠡᠮ ᠢᠶᠠᠷ ᠢᠶᠠᠨ ᠠᠶᠤᠯᠭᠦᠢ ᠦᠢᠯᠡᠳᠪᠦᠷᠢᠯᠡᠯ ᠢ ᠠᠩᠬᠠᠷᠬᠤ᠂ ᠠᠶᠤᠯᠭᠦᠢ ᠦᠢᠯᠡᠳᠪᠦᠷᠢᠯᠡᠯ ᠳᠤ ᠣᠷᠤᠯᠴᠠᠬᠤ᠂ ᠠᠶᠤᠯᠭᠦᠢ ᠦᠢᠯᠡᠳᠪᠦᠷᠢᠯᠡᠯ ᠢ ᠴᠢᠬᠤᠯᠠᠴᠢᠯᠠᠬᠤ ᠬᠦᠨ ᠵᠤᠵᠠᠭᠠᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠤᠯᠭᠠᠨ᠂ ᠠᠮᠤᠷ  ᠠᠮᠤᠭᠤᠯᠠᠩ ᠲᠠᠶᠢᠹᠤᠰᠧ ᠬᠤᠰᠢᠭᠤᠨ ᠤ ᠪᠠᠶᠢᠭᠤᠯᠤᠯᠲᠠ ᠳᠤ ᠮᠠᠰᠢ ᠰᠠᠶᠢᠨ ᠬᠠᠤᠯᠢᠵᠢᠯ ᠤᠨ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号