︽8 .1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠳᠤ᠂ ᠴᠡᠷᠢᠭ ᠢᠶᠠᠨ | ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠪᠥᠬᠦ | ᠨᠡᠶᠢᠭᠡᠮ ᠢᠶᠠᠷ ᠢᠶᠠᠨ ᠴᠡᠷᠢᠭ ᠢ ᠬᠦᠨᠳᠦᠳᠬᠡᠬᠦ᠂ ᠴᠡᠷᠢᠭ ᠠᠴᠠ ᠬᠠᠯᠠᠭᠳᠠᠭᠰᠠᠳ ᠢ ᠬᠠᠯᠠᠮᠵᠢᠯᠠᠬᠤ ᠨᠡᠶᠢᠭᠡᠮ ᠤᠨ | ᠪᠣᠯᠪᠠᠰᠤᠨ ᠬᠡᠪ ᠰᠤᠷᠲᠠᠯ ᠢ ᠪᠣᠶ ᠪᠣᠯᠭᠠᠬᠤ ᠶᠢᠨ ᠲᠥᠯᠥᠭᠡ᠂ 7 ᠰᠠᠷ᠎ᠠ ᠶᠢᠨ 31 ᠤ ᠡᠳᠦᠷ ᠲᠠᠶᠢᠹᠤᠰᠧ | ᠬᠤᠰᠢᠭᠤᠨ ᠤ ᠨᠡᠶᠢᠲᠡ ᠶᠢᠨ ᠪᠤᠰᠤ ᠦᠮᠴᠢᠯᠡᠯ ᠤᠨ ᠠᠵᠤ ᠠᠬᠤᠶᠢᠯᠠᠯ ᠤᠨ ᠨᠠᠮ ᠤᠨ ᠡᠬᠦᠷ ᠨᠢ ᠲᠠᠢ ᠫᠢᠩ ᠨᠡᠶᠢᠭᠡᠮ | ᠲᠣᠭᠤᠷᠢᠭ ︵ᠨᠡᠶᠢᠲᠡ ᠶᠢᠨ ᠠᠰᠠᠷᠠᠮᠵᠢ ᠶᠢᠨ ᠬᠤᠯᠪᠣᠭᠠᠨ ᠤ ᠬᠠᠶᠢᠷ᠎ᠠ ᠬᠠᠯᠠᠮᠵᠢ ᠶᠢᠨ ᠨᠡᠶᠢᠭᠡᠮᠯᠢᠭ︶ ᠲᠠᠢ | ᠬᠤᠯᠪᠤᠭᠠᠯᠠᠨ᠂ ᠬᠠᠯᠠᠭᠳᠠᠭᠰᠠᠨ ᠠᠬᠠᠮᠠᠳ ᠴᠡᠷᠢᠭ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ 1500 | ᠲᠥᠭᠦᠷᠢᠭ ᠤᠨ ᠦᠷᠳᠡᠭ ᠪᠦᠬᠦᠢ ᠠᠮᠢᠳᠤᠷᠠᠯ ᠤᠨ ᠬᠡᠷᠡᠭᠰᠡᠯ ᠢ ᠠᠬᠠᠮᠠᠳ ᠴᠡᠷᠢᠭ ᠲᠤ ᠬᠦᠷᠭᠡᠭᠰᠡᠨ ᠤ ᠬᠠᠮᠳᠤ | ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠪᠡ᠃ ᠲᠣᠬᠤᠨᠢᠭᠤᠯᠬᠤ ᠪᠦᠯᠬᠦᠮ ᠤᠨ | ᠬᠢᠨ ᠲᠤᠬᠤᠨᠢᠭᠤᠯᠭ᠎ᠠ ᠶᠢᠨ ᠡᠳ᠋ ᠪᠣᠳᠠᠰ ᠢ ᠠᠬᠠᠮᠠᠳ ᠴᠡᠷᠢᠭ ᠨᠠᠷ ᠲᠤ ᠭᠠᠷᠳᠠᠭᠤᠯᠤᠭᠰᠠᠨ ᠪᠦᠭᠡᠳ ᠲᠡᠳᠡᠨ ᠲᠠᠢ | ᠲᠤᠳᠤᠨᠤᠰᠤᠭ ᠢᠶᠠᠷ ᠶᠠᠷᠢᠯᠴᠠᠨ᠂ ᠪᠡᠶ᠎ᠡ ᠮᠠᠬᠠᠪᠤᠳ ᠤᠨ ᠪᠠᠶᠢᠳᠠᠯ ᠢ ᠨᠢ ᠣᠶᠢᠯᠠᠭᠠᠵᠤ᠂ ᠲᠡᠳᠡᠨ ᠲᠠᠢ ᠬᠠᠮᠳᠤ | ᠦᠩᠭᠡᠷᠡᠭᠰᠡᠨ ᠤ ᠭᠠᠶᠢᠬᠠᠮᠰᠢᠭᠲᠤ ᠣᠨ ᠵᠢᠯ ᠤᠳ ᠢ ᠡᠷᠬᠢᠴᠡᠬᠦᠯᠦᠨ᠂ ᠥᠨᠥᠳᠥᠷ ᠤᠨ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠠᠯᠠᠭᠤᠨ ᠵᠤᠭᠤᠭ ᠬᠦᠦᠷᠨᠢᠭᠰᠡᠨ ᠪᠠᠶᠢᠯ᠎ᠠ᠃ | ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠨᠡᠶᠢᠭᠡᠮᠯᠢᠭ ᠤᠨ ᠳᠠᠷᠤᠭ᠎ᠠ ᠮᠠ ᠰᠢᠨ | ᠢᠦᠢ᠄ ︽ᠪᠢᠳᠡ ᠠᠬᠠᠮᠠᠳ ᠴᠡᠷᠢᠭ ᠤᠨ ᠬᠤᠪᠢᠰᠬᠠᠯᠲᠤ ᠵᠣᠷᠢᠭ ᠰᠠᠨᠠᠭ᠎ᠠ ᠪᠠ ᠬᠠᠷᠠᠮ ᠦᠭᠡᠢ ᠵᠣᠷᠢᠭᠤᠯᠬᠤ ᠵᠣᠷᠢᠭ | ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠡᠷᠡᠮᠡᠬᠡᠶᠢᠯᠡᠨ ᠤᠷᠤᠭᠰᠢᠯᠠᠬᠤ ᠳᠤ ᠢᠳᠡᠭᠡᠯ ᠲᠠᠢ | ᠪᠠᠶᠢᠨ᠎ᠠ᠃ ᠡᠨᠡ ᠤᠳᠠᠭᠠᠨ ᠤ ᠲᠤᠬᠤᠨᠢᠭᠤᠯᠭ᠎ᠠ ᠪᠠᠷ ᠲᠠᠮᠵᠢᠨ᠂ ᠠᠬᠠᠮᠠᠳ ᠴᠡᠷᠢᠭ ᠨᠠᠷ ᠤᠨ ᠠᠮᠢᠳᠤᠷᠠᠯ ᠪᠠ | ᠰᠡᠳᠬᠢᠴᠡ ᠶᠢᠨ ᠪᠠᠶᠢᠳᠠᠯ ᠢ ᠣᠶᠢᠯᠠᠭᠠᠵᠤ᠂ ᠴᠡᠷᠢᠭ ᠠᠴᠠ ᠬᠠᠯᠠᠭᠳᠠᠭᠰᠠᠳ ᠤᠨ ᠲᠤᠬᠠᠢ ᠲᠠᠨᠢᠯᠲᠠ ᠪᠠᠨ ᠤᠯᠠᠮ ᠨᠢᠭᠡ | ᠠᠯᠬᠤᠮ ᠨᠡᠮᠡᠭᠳᠡᠭᠦᠯᠬᠦ ᠶᠢ ᠵᠤᠷᠢᠭᠰᠠᠨ ᠶᠤᠮ︾᠃ | ᠲᠠᠷᠠᠭ᠎ᠠ ᠪᠠᠷ᠂ ᠲᠠᠶᠢᠹᠤᠰᠧ ᠬᠤᠰᠢᠭᠤᠨ ᠤ ᠨᠡᠶᠢᠲᠡ ᠶᠢᠨ ᠪᠤᠰᠤ ᠦᠮᠴᠢᠯᠡᠯ ᠤᠨ ᠠᠵᠤ ᠠᠬᠤᠶᠢᠯᠠᠯ ᠤᠨ | ᠨᠠᠮ ᠤᠨ ᠡᠬᠦᠷ ᠨᠢ ᠨᠡᠶᠢᠭᠡᠮ ᠲᠣᠭᠤᠷᠢᠭ ᠪᠠ ᠬᠠᠶᠢᠷ᠎ᠠ ᠬᠠᠯᠠᠮᠵᠢ ᠶᠢᠨ ᠨᠡᠶᠢᠭᠡᠮᠯᠢᠭ ᠲᠠᠢ ᠬᠤᠯᠪᠤᠭᠠᠯᠠᠨ ᠂ | ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠦᠷᠭᠦᠯᠵᠢᠯᠡᠨ ᠢᠳᠡᠪᠬᠢᠲᠡᠢ ᠲᠠᠶᠢᠴᠢᠯᠠᠵᠤ᠂ ᠴᠡᠷᠢᠭ ᠠᠴᠠ | ᠬᠠᠯᠠᠭᠳᠠᠭᠰᠠᠳ ᠲᠤ ᠬᠠᠶᠢᠷ᠎ᠠ ᠬᠠᠯᠠᠮᠵᠢ ᠬᠦᠷᠭᠡᠨ᠂ ᠪᠥᠬᠦ ᠨᠡᠶᠢᠭᠡᠮ ᠢᠶᠠᠷ ᠢᠶᠠᠨ ᠴᠡᠷᠢᠭ ᠠᠴᠠ ᠬᠠᠯᠠᠭᠳᠠᠭᠰᠠᠳ ᠵᠢᠴᠢ | ᠲᠡᠳᠡᠨ ᠤ ᠭᠡᠷ ᠪᠦᠯᠢ ᠶᠢ ᠬᠠᠯᠠᠮᠵᠢᠯᠠᠨ ᠬᠠᠶᠢᠷᠠᠯᠠᠬᠤ ᠶᠢ ᠰᠠᠨᠠᠭᠠᠴᠢᠯᠠᠵᠤ᠂ ᠠᠷᠠᠳ ᠢᠷᠭᠡᠳ ᠤᠨ ᠤᠯᠤᠰ ᠢᠶᠠᠨ | ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠬᠠᠯᠠᠭᠤᠨ ᠰᠡᠳᠬᠢᠯᠭᠡ ᠶᠢ ᠤᠯᠠᠮ ᠬᠦᠭᠵᠢᠬᠡᠬᠦ ᠪᠠᠷ ᠪᠠᠶᠢᠨ᠎ᠠ᠃ |