ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠠᠷᠯᠠᠯ ︵89 ᠲᠤᠭᠠᠳᠤ︶
ᠨᠡᠶᠢᠲᠡᠯᠡᠭᠰᠡᠨ ᠴᠠᠭ᠄
2022/8/2
  ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠭ᠎ᠠ ᠪᠤᠯᠬᠤᠷ᠂ ︽ᠭᠠᠳᠠᠨ᠎ᠠ ᠠᠴᠠ ᠣᠷᠣᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠶᠢ ᠨᠠᠩ ᠰᠠᠶᠢᠨ ᠨᠠᠶᠢᠳᠠᠪᠤᠷᠢᠵᠢᠭᠤᠯᠵᠤ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠦᠨᠡᠨ ᠬᠦ ᠪᠠᠲᠤᠯᠠᠨ᠂  ᠡᠪᠡᠳᠴᠢᠨ ᠬᠢᠵᠢᠭ ᠤᠨ ᠲᠠᠯᠳᠠᠭᠤᠷ ᠬᠠᠯᠳᠠᠪᠤᠷᠢᠯᠠᠬᠤ ᠶᠢ  ᠬᠤᠷᠢᠭᠯᠠᠵᠤ᠂   ᠬᠢᠵᠢᠭ  ᠰᠡᠷᠭᠡᠶᠢᠯᠡᠬᠦ ᠠᠵᠢᠯ ᠢ ᠰᠢᠨᠵᠢᠯᠡᠬᠦ ᠤᠬᠠᠭᠠᠨᠴᠢ᠂ ᠨᠠᠷᠢᠯᠢᠭ ᠣᠨᠣᠴᠠᠲᠠᠢ᠂   ᠪᠦᠲᠦᠮᠵᠢᠲᠡᠶ ᠰᠠᠶᠢᠨ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠵᠦ ᠪᠠᠶᠢᠨᠠᠮ᠄     ᠨᠢᠭᠡ᠂   ᠤᠬᠠᠮᠰᠠᠷ ᠠᠴᠠ ᠪᠠᠨ ᠮᠡᠳᠡᠭᠦᠯᠦᠨ ᠲᠠᠩᠰᠠᠯᠠᠭᠤᠯᠬᠤ ᠶᠢ ᠴᠢᠩᠭᠠᠳᠬᠠᠨ᠎ᠠ᠃     ᠮᠠᠨ ᠤ ᠬᠤᠰᠢᠭᠤᠨ ᠳᠤ  ᠢᠷᠡᠬᠦ ᠬᠦᠮᠦᠨ ᠨᠢᠬᠡᠪᠦᠷᠢ ᠡᠷᠭᠡᠪᠰᠢ ︽ ᠰᠢᠯᠢᠨ ᠡᠷᠡᠭᠦᠯ ᠡᠩᠬᠡ ᠶᠢᠨ ᠡᠷᠳᠡᠨᠢ︾  ︵锡林健康宝︶   ᠶᠢᠨ  ︽ᠨᠤᠲᠤᠭ ᠲᠠᠭᠠᠨ ᠪᠤᠴᠠᠭᠰᠠᠳ ᠢ ᠪᠦᠷᠢᠳᠬᠡᠨ ᠳᠠᠩᠰᠠᠯᠠᠬᠤ︾ ᠲᠤᠰᠬᠠᠢ ᠪᠤᠯᠤᠩ  ᠳᠤ ᠬᠠᠮᠢᠶ᠎ᠠ ᠪᠦᠬᠦᠢ ᠮᠡᠳᠡᠭᠡ ᠵᠠᠩᠭᠢ  ᠪᠠᠨ ᠦᠨᠡᠨ ᠪᠣᠳᠠᠲᠠᠢ ᠪᠠᠷ ᠲᠠᠭᠯᠠᠨ ᠮᠡᠳᠡᠭᠦᠯᠬᠦ ᠶᠢᠨ ᠬᠠᠮᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠠᠭᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠳᠠᠩᠰᠠᠯᠠᠭᠤᠯᠤᠨ ᠳᠠᠩᠰᠠᠯᠠᠭᠤᠯᠬᠤ ᠠᠯᠬᠤᠮ ᠶᠠᠪᠤᠴᠠ᠄     1. ᠸᠢᠴᠠᠲ ᠲᠡᠭᠡᠷ᠎ᠡ ᠪᠠᠨ ︽ ᠰᠢᠯᠢᠨ ᠡᠷᠡᠭᠦᠯ ᠡᠩᠬᠡ ᠶᠢᠨ ᠡᠷᠳᠡᠨᠢ︾   ᠶᠢ ᠬᠠᠶᠢᠵᠤ ᠤᠯᠤᠨ᠎ᠠ  ᠃ 2. ︽ᠡᠷᠬᠡ ᠣᠯᠭᠤᠵᠤ ᠲᠠᠩᠰᠠᠯᠠᠬᠤ︾ ᠶᠢ ᠲᠣᠪᠴᠢᠳᠠᠨ᠎ᠠ᠃ 3. ︽ ᠺᠣᠳ᠋ ᠰᠢᠷᠪᠢᠵᠦ ᠲᠠᠩᠰᠠᠯᠠᠬᠤ︾ ᠶᠢ ᠲᠤᠪᠴᠢᠳᠠᠨ᠂ ᠬᠤᠪᠢ ᠬᠥᠮᠥᠨ ᠤ ᠮᠡᠳᠡᠭᠡ ᠵᠠᠩᠭᠢ ᠪᠠᠨ ᠪᠦᠷᠢᠨᠰᠢᠬᠦᠯᠦᠨ᠎ᠡ᠃ 4. ︽ᠨᠤᠲᠤᠭ ᠲᠠᠭᠠᠨ ᠪᠤᠴᠠᠭᠰᠠᠳ ᠢ  ᠪᠦᠷᠢᠳᠬᠡᠨ ᠲᠠᠩᠰᠠᠯᠠᠬᠤ︾ ᠲᠤᠰᠬᠠᠢ ᠪᠤᠯᠤᠩ ᠳᠤ ᠤᠷᠤᠵᠤ᠂ ᠮᠡᠳᠡᠭᠡ ᠵᠠᠩᠭᠢ ᠪᠠᠨ ᠦᠨᠡᠨ ᠪᠣᠳᠠᠲᠠᠢ ᠪᠠᠷ ᠲᠠᠭᠯᠠᠨ ᠲᠤᠰᠢᠶᠠᠨ᠎ᠠ᠃      ᠬᠤᠶᠠᠷ᠂ ᠭᠤᠣᠯᠳᠠᠯᠭ᠎ᠠ ᠲᠠᠢ ᠬᠥᠮᠥᠰ ᠤᠨ ᠬᠠᠮᠢᠶᠠᠷᠤᠯᠳᠠ ᠶᠢ ᠴᠢᠩᠭᠠᠳᠬᠠᠨ᠎ᠠ᠃     ︵ᠨᠢᠭᠡ︶  ᠤᠶᠢᠷ᠎ᠠ ᠶᠢᠨ 7 ᠡᠳᠦᠷ ᠲᠤ ᠤᠯᠤᠰ ᠤᠨ ᠳᠣᠲᠣᠭᠠᠳᠤ ᠶᠢᠨ ᠦᠨᠳᠦᠷ ᠲᠡᠰ ᠤᠨ ᠲᠦᠭᠰᠢᠬᠦᠷᠢᠳᠦ ᠣᠷᠣᠨ ᠳᠤ ᠤᠴᠢᠵᠤ ᠦᠩᠭᠡᠷᠡᠭᠰᠡᠨ ᠬᠥᠮᠥᠰ ︽7 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ︾ ᠬᠢᠵᠦ᠂ ᠲᠥᠪᠯᠡᠷᠡᠭᠦᠯᠦᠨ ᠲᠤᠰᠠᠭᠠᠷᠯᠠᠭᠰᠠᠨ ᠤ 1᠂ 2᠂ 3᠂ 5᠂ 7 ᠳ᠋ᠤᠭᠠᠷ ᠡᠳᠦᠷ ᠲᠤ ᠲᠤᠰᠪᠤᠷᠢ ᠨᠢᠬᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠳᠠ ᠬᠢᠯᠭᠡᠨ᠎ᠡ᠃    ︵ᠬᠤᠶᠠᠷ︶  ᠤᠶᠢᠷ᠎ᠠ ᠶᠢᠨ 7 ᠡᠳᠦᠷ ᠲᠤ ᠤᠯᠤᠰ ᠤᠨ ᠳᠣᠲᠣᠭᠠᠳᠤ ᠶᠢᠨ ᠳᠤᠮᠳᠠ ᠲᠡᠰ ᠤᠨ ᠲᠦᠭᠰᠢᠬᠦᠷᠢᠳᠦ ᠣᠷᠣᠨ ᠳᠤ ᠤᠴᠢᠵᠤ ᠦᠩᠭᠡᠷᠡᠭᠰᠡᠨ ᠬᠥᠮᠥᠰ ︽7 ᠡᠳᠦᠷ ᠤᠨ ᠭᠡᠷ ᠲᠡᠭᠡᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ︾ ᠬᠢᠵᠦ᠂ ᠭᠡᠷ ᠲᠡᠭᠡᠨ ᠲᠤᠰᠠᠭᠠᠷᠯᠠᠭᠰᠠᠨ ᠤ 1᠂ 4᠂ 7  ᠳ᠋ᠤᠭᠠᠷ ᠡᠳᠦᠷ ᠲᠤ ᠲᠤᠰᠪᠤᠷᠢ ᠨᠢᠬᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠳᠠ ᠬᠢᠯᠭᠡᠨ᠎ᠡ᠃     ︵ᠭᠤᠷᠪᠠ︶  ᠤᠶᠢᠷ᠎ᠠ ᠶᠢᠨ 7 ᠡᠳᠦᠷ ᠲᠤ ᠤᠯᠤᠰ ᠤᠨ ᠳᠣᠲᠣᠭᠠᠳᠤ ᠶᠢᠨ ᠳᠤᠮᠳᠠ ᠪᠤᠶᠤ ᠦᠨᠳᠦᠷ ᠲᠡᠰ  ᠤᠨ ᠲᠦᠭᠰᠢᠬᠦᠷᠢᠳᠦ ᠣᠷᠣᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠦᠭᠰᠢᠭᠦᠷᠢ ᠪᠠᠭᠠᠲᠠᠢ ᠭᠠᠵᠠᠷ ᠣᠷᠣᠨ ᠳᠤ  ᠤᠴᠢᠵᠤ ᠦᠩᠭᠡᠷᠡᠭᠰᠡᠨ ᠬᠥᠮᠥᠰ  ᠭᠡᠷ ᠲᠡᠭᠡᠨ 3 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠶᠢᠨ ᠬᠠᠮᠳᠤ  ᠂ 2  ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠡ ᠬᠢᠯᠭᠡᠨ᠎ᠡ ︵2 ᠪᠠᠶᠢᠴᠠᠭᠠᠯᠳᠠ ᠶᠢᠨ ᠵᠠᠢ ᠨᠢ 24 ᠴᠠᠭ︶᠂   ᠡᠨᠡ ᠬᠤᠭᠤᠴᠠᠭᠠᠨ ᠳᠤ ᠭᠠᠳᠠᠭᠰᠢ ᠭᠠᠷᠬᠤ ᠦᠭᠡᠢ᠂ ᠴᠤᠭᠯᠠᠭᠠᠨ  ᠳᠤ ᠤᠷᠤᠯᠴᠠᠬᠤ ᠦᠭᠡᠢ᠃     ︵ᠳᠥᠷᠪᠡ︶ ᠬᠢᠯᠢ ᠶᠢᠨ ᠭᠠᠳᠠᠨ᠎ᠠ ᠠᠴᠠ ᠪᠤᠴᠠᠵᠤ ᠢᠷᠡᠭᠰᠡᠨ ᠪᠥᠭᠡᠳ ᠬᠢᠯᠢ ᠶᠢᠨ ᠪᠠᠶᠢᠴᠠᠭᠠᠬᠤ ᠭᠠᠵᠠᠷ ᠲᠤ 7 ᠡᠳᠦᠷ ᠤᠨ ᠲᠤᠰᠠᠭᠠᠷᠯᠠᠯᠳᠠ ᠬᠢᠵᠦ ᠢᠷᠡᠭᠰᠡᠨ ᠬᠥᠮᠥᠰ  ᠭᠡᠷ ᠲᠡᠭᠡᠨ 3 ᠡᠳᠦᠷ ᠤᠨ  ᠬᠢᠨᠠᠨ ᠬᠡᠮᠵᠢᠯᠲᠡ ᠬᠢᠬᠦ  ᠶᠢᠨ ᠬᠠᠮᠳᠤ᠂  ᠬᠢᠨᠠᠨ ᠬᠡᠮᠵᠢᠯᠲᠡ ᠬᠢᠭᠰᠡᠨ ᠤ 3 ᠳ᠋ᠤᠭᠠᠷ ᠡᠳᠦᠷ ᠲᠤ  ᠨᠢᠬᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠳᠠ ᠬᠢᠯᠭᠡᠨ᠎ᠡ᠃     ︵ᠲᠠᠪᠤ︶ ᠨᠢᠭᠲᠠ ᠣᠶᠢᠷᠠᠲᠤᠭᠰᠠᠳ ᠲᠤ ︽7 ᠡᠳᠦᠷ ᠲᠥᠪᠯᠡᠷᠡᠭᠦᠯᠦᠨ ᠲᠤᠰᠠᠭᠠᠷᠯᠠᠬᠤ  + 3 ᠡᠳᠦᠷ ᠭᠡᠷ  ᠲᠡᠭᠡᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ︾ ᠲᠦᠷᠢᠮ ᠢ ᠬᠡᠷᠡᠭᠵᠢᠭᠦᠯᠵᠦ᠂ ᠲᠥᠪᠯᠡᠷᠡᠭᠦᠯᠦᠨ ᠲᠤᠰᠠᠭᠠᠷᠯᠠᠭᠰᠠᠨ ᠤ 1᠂ 2᠂ 3᠂ 5᠂ 7 ᠡᠳᠦᠷ  ᠪᠠ ᠭᠡᠷ ᠲᠡᠭᠡᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠭᠰᠡᠨ ᠤ 3 ᠳ᠋ᠤᠭᠠᠷ ᠡᠳᠦᠷ ᠲᠤ ᠲᠤᠰᠪᠤᠷᠢ ᠨᠢᠬᠡ ᠤᠳᠠᠭ᠎ᠠ  ᠪᠥᠭᠡᠮ ᠬᠦᠴᠢᠯ ᠤᠨ ᠪᠠᠶᠢᠴᠠᠭᠠᠯᠲᠡ ᠬᠢᠯᠭᠡᠨ᠎ᠡ᠃     ︵ᠵᠢᠷᠭᠤᠭ᠎ᠠ︶ ᠨᠢᠭᠲᠠ ᠣᠶᠢᠷᠠᠲᠤᠭᠰᠠᠳ ᠲᠤ ᠨᠢᠭᠲᠠ ᠣᠶᠢᠷᠠᠲᠤᠭᠰᠠᠳ 7 ᠡᠳᠦᠷ ᠭᠡᠷ ᠲᠡᠭᠡᠨ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂  ᠲᠤᠰᠠᠭᠠᠷᠯᠠᠭᠰᠠᠨ ᠤ 1᠂ 4᠂ 7 ᠡᠳᠦᠷ ᠲᠤ ᠲᠤᠰᠪᠤᠷᠢ ᠨᠢᠬᠡ ᠤᠳᠠᠭ᠎ᠠ  ᠪᠥᠭᠡᠮ ᠬᠦᠴᠢᠯ ᠤᠨ ᠪᠠᠶᠢᠴᠠᠭᠠᠯᠲᠡ ᠬᠢᠯᠭᠡᠨ᠎ᠡ᠃       ᠭᠤᠷᠪᠠ᠂ ᠭᠤᠣᠯᠳᠠᠯᠭ᠎ᠠ ᠲᠠᠢ ᠲᠠᠯᠠᠪᠤᠷ ᠤᠨ ᠬᠠᠮᠢᠶᠠᠷᠤᠯᠲᠠ ᠶᠢ  ᠴᠢᠩᠭᠠᠳᠬᠠᠨ᠎ᠠ᠃      ︵ᠨᠢᠭᠡ︶  ᠵᠠᠮ ᠬᠠᠷᠢᠯᠴᠠᠭᠠᠨ ᠤ ᠪᠤᠭᠤᠮᠳᠠ᠂ ᠮᠠᠰᠢᠨ ᠲᠡᠷᠭᠡᠨ ᠤ ᠥᠷᠲᠡᠭᠡ ᠨᠢ ᠮᠠᠨ ᠤ ᠬᠤᠰᠢᠭᠤᠨ ᠢᠶᠠᠷ ᠢᠷᠡᠭᠰᠡᠳ ᠢ ᠱᠠᠭᠠᠷᠳᠠᠵᠤ᠂ ︽ ᠰᠢᠯᠢᠨ ᠡᠷᠡᠭᠦᠯ ᠡᠩᠬᠡ ᠶᠢᠨ ᠡᠷᠳᠡᠨᠢ︾  ᠲᠠᠯᠠᠪᠤᠷ ᠤᠨ ᠺᠤᠳ᠋ ᠢ  ᠰᠢᠷᠪᠢᠬᠦᠯᠦᠨ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋᠂ 48 ᠴᠠᠭ ᠤᠨ ᠲᠤᠳᠤᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠶᠢᠨ ᠬᠠᠮᠲᠤ  ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠭᠡᠷᠡᠴᠢ ᠦᠭᠡᠢ ᠪᠠ 7 ᠡᠳᠦᠷ ᠤᠨ ᠳᠣᠲᠣᠷ᠎ᠠ ᠣᠷᠣᠨ ᠤ ᠭᠠᠳᠠᠨ᠎ᠠ ᠶᠠᠪᠤᠵᠤ ᠰᠠᠭᠤᠭᠰᠠᠨ ᠦᠩᠭᠡᠷᠡᠯᠳᠡ ᠲᠠᠢ ᠬᠥᠮᠥᠰ ᠲᠤ ᠦᠨ᠎ᠡ  ᠲᠦᠯᠦᠪᠦᠷᠢ ᠦᠭᠡᠢ ᠪᠠᠷ ᠪᠥᠭᠡᠮ ᠬᠦᠴᠢᠯ ᠤᠨ ᠥᠯᠢᠭᠡᠷ ᠠᠪᠬᠤ ᠦᠢᠯᠡᠴᠢᠯᠡᠭᠡ ᠬᠠᠩᠭᠠᠨ᠎ᠠ  ᠃      ︵ᠬᠤᠶᠠᠷ︶ ᠵᠣᠴᠢᠳ ᠤᠨ ᠪᠠᠭᠤᠳᠠᠯ᠂  ᠳᠡᠯᠭᠡᠭᠦᠷ ᠬᠤᠳᠠᠯᠳᠤᠭ᠎ᠠ᠂  ᠵᠤᠭ᠎ᠠ ᠴᠡᠩᠬᠡᠬᠦᠨ ᠤ ᠭᠠᠵᠠᠷ᠂ ᠦᠵᠡᠮᠵᠢ ᠵᠢᠭᠤᠯᠴᠢᠯᠠᠯ ᠤᠨ ᠣᠷᠣᠨ  ᠵᠡᠷᠭᠡ ᠭᠤᠣᠯᠳᠠᠯᠭ᠎ᠠ ᠲᠠᠢ ᠲᠠᠯᠠᠪᠤᠷ ᠨᠢ ᠺᠣᠳ᠋ ᠰᠢᠷᠪᠢᠵᠦ  ᠲᠠᠩᠰᠠᠯᠠᠬᠤ᠂ ᠠᠮᠠᠪᠴᠢ ᠵᠡᠭᠦᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠰᠠᠯᠬᠢ  ᠨᠡᠪᠳᠡᠷᠡᠬᠦᠯᠬᠦ᠂ ᠠᠷᠢᠭᠤᠳᠬᠠᠯ ᠬᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠲᠦᠷᠢᠮ ᠢ ᠴᠢᠩᠭ᠎ᠠ ᠬᠡᠷᠡᠭᠵᠢᠭᠦᠯᠬᠦ ᠶᠢᠨ ᠬᠠᠮᠲᠤ᠂  ᠠᠵᠢᠯᠳᠠᠳ ᠤᠨ   ᠢᠶᠠᠨ ᠡᠷᠡᠭᠦᠯ ᠮᠡᠨᠳᠦ ᠶᠢ ᠬᠢᠨᠠᠨ ᠬᠡᠮᠵᠢᠬᠦ  ᠪᠠ ᠪᠥᠭᠡᠮ ᠬᠦᠴᠢᠯ ᠤᠨ ᠪᠠᠶᠢᠴᠠᠭᠠᠯᠳᠠ ᠬᠢᠯᠬᠡᠬᠦ ᠠᠵᠢᠯ ᠢ ᠰᠠᠶᠢᠨ ᠬᠢᠬᠦ ᠬᠡᠷᠡᠭᠲᠡᠢ᠃  ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠱᠠᠭᠠᠷᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ  ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠲᠦᠷᠢᠮ ᠢ ᠲᠡᠷᠡ ᠬᠡᠪ ᠢᠶᠠᠷ  ᠨᠢ  ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠭᠡᠷᠡᠭᠳᠡᠢ᠃    ︵ᠭᠤᠷᠪᠠ︶ ᠡᠮ ᠤᠨ ᠳᠡᠯᠭᠡᠭᠦᠷ ᠤᠳ ᠨᠢ ︽ᠬᠠᠷᠠᠭᠤᠯ ᠤᠨ ᠭᠠᠵᠠᠷ︾ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ︽ᠬᠠᠯᠠᠭᠤᠨ ᠪᠠᠭᠤᠷᠠᠭᠤᠯᠬᠤ᠂ ᠬᠠᠨᠢᠶᠠᠳᠤ ᠵᠣᠭᠰᠤᠭᠠᠬᠤ᠂ ᠸᠢᠷᠦ᠋ᠰ ᠡᠰᠡᠷᠭᠦᠴᠡᠬᠦ᠂ ᠨᠢᠶᠠᠨ ᠲᠠᠷᠤᠬᠤ︾ ᠳᠥᠷᠪᠡᠨ ᠲᠥᠷᠥᠯ ᠤᠨ ᠡᠮ ᠲᠠᠩ ᠢ ᠬᠤᠳᠠᠯᠳᠤᠨ ᠠᠪᠬᠤ ᠳᠤ ᠦᠨᠡᠨ ᠨᠡᠷ᠎ᠡ ᠪᠠᠷ ᠳᠠᠩᠰᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ᠂ ᠡᠳᠦᠷ ᠪᠦᠷᠢ ᠶᠢᠨ ᠲᠠᠩᠰᠠᠯᠠᠭᠰᠠᠨ ᠮᠡᠳᠡᠭᠡ ᠵᠠᠩᠭᠢ ᠪᠠᠨ ᠬᠤᠷᠢᠶᠠᠩᠭᠤᠶᠢᠯᠠᠭᠠᠳ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ᠎ᠡ᠃      ᠳᠥᠷᠪᠡ᠂ ᠬᠤᠪᠢ ᠬᠥᠮᠥᠨ ᠤ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠳᠬᠠᠨ᠎ᠠ     ᠥᠷᠭᠡᠨ ᠤᠯᠠᠨ ᠰᠠᠭᠤᠭᠠᠯᠢ ᠠᠷᠠᠳ ᠠᠮᠠᠪᠴᠢ ᠵᠡᠭᠦᠬᠦ᠂ ᠭᠠᠷ ᠢᠶᠠᠨ ᠤᠬᠢᠶᠠᠬᠤ᠂ ᠰᠠᠯᠬᠢ ᠨᠡᠪᠳᠡᠷᠡᠬᠦᠯᠬᠦ᠂  ᠴᠤᠭᠯᠠᠭᠠᠨ ᠢᠶᠠᠨ  ᠪᠠᠭᠠᠰᠬᠠᠬᠤ᠂  ᠨᠡᠶᠢᠲᠡ ᠶᠢᠨ ᠬᠠᠯᠪᠠᠭ᠎ᠠ ᠰᠠᠪᠬ᠎ᠠ ᠭᠡᠷᠡᠭᠯᠡᠬᠦ ᠵᠡᠷᠭᠡ ᠡᠷᠡᠭᠦᠯ ᠠᠮᠢᠳᠤᠷᠠᠯ ᠤᠨ ᠳᠠᠳᠬᠠᠯ ᠢ ᠪᠠᠷᠢᠮᠲᠠᠯᠠᠵᠤ᠂ ᠤᠯᠠᠨ ᠨᠡᠶᠢᠲᠡ ᠶᠢᠨ ᠲᠠᠯᠠᠪᠤᠷ ᠲᠤ ᠤᠷᠤᠬᠤ ᠳᠠᠭᠠᠨ ᠺᠣᠳ᠋ ᠰᠢᠷᠪᠢᠬᠦ᠂ ᠬᠠᠯᠠᠭᠤᠨ ᠢ ᠬᠡᠮᠵᠢᠬᠦ᠂ ᠨᠢᠭᠡ ᠮᠧᠲᠷ ᠤᠨ ᠵᠠᠢ ᠠᠪᠬᠤ  ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠬᠠᠮᠰᠠᠷ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ ᠦᠪᠡᠷ ᠤᠨ ᠪᠡᠶ᠎ᠡ ᠪᠤᠯᠤᠨ ᠭᠡᠷ ᠤᠨ ᠬᠥᠮᠥᠰ ᠤᠨ ᠢᠶᠠᠨ ᠡᠷᠡᠬᠦᠯ ᠮᠡᠨᠳᠦ ᠶᠢᠨ ᠪᠠᠶᠢᠳᠠᠯ ᠢ ᠢᠮᠠᠭᠳᠠ ᠠᠩᠬᠠᠷᠴᠤ᠂ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠰᠡᠷᠭᠡᠶᠢᠯᠡᠯᠳᠡ ᠬᠠᠮᠠᠭᠠᠯᠠᠯᠳᠠ ᠪᠠᠨ ᠬᠢᠭᠰᠡᠨ ᠤᠷᠢᠲᠠᠯ ᠳᠣᠣᠷ᠎ᠠ᠂  ᠲᠠᠷᠤᠢ ᠲᠦᠷᠭᠡᠨ ᠬᠤᠰᠢᠭᠤ ᠡᠮᠨᠡᠯᠭᠡ ᠶᠢᠨ ᠬᠤᠷᠢᠶᠠᠨ ᠳᠤ ᠬᠦᠷᠴᠦ ᠪᠠᠶᠢᠴᠠᠭᠠᠯᠭᠠᠨ ᠡᠮᠨᠡᠭᠦᠯᠬᠦ ᠭᠡᠷᠡᠭᠳᠡᠢ᠂  ᠬᠡᠬᠦ ᠳᠡᠭᠡᠨ ᠨᠡᠶᠢᠲᠡ ᠶᠢᠨ ᠮᠠᠰᠢᠨ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠨ᠎ᠡ᠃     ᠲᠠᠪᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠮᠵᠢᠯᠴᠠᠬᠤ ᠦᠬᠡᠢ᠂  ᠵᠠᠮ ᠮᠦᠷ ᠤᠨ ᠪᠠᠶᠢᠳᠠᠯ  ᠢᠶᠠᠨ ᠮᠡᠳᠡᠭᠦᠯᠵᠦ ᠲᠠᠩᠰᠠᠯᠠᠭᠤᠯᠬᠤ ᠦᠭᠡᠢ ᠪᠤᠶᠤ  ᠨᠢᠭᠤᠵᠤ ᠲᠠᠷᠤᠭᠰᠠᠨ᠂  ᠪᠠᠶᠢᠴᠠᠭᠠᠯᠲᠠ ᠠᠴᠠ  ᠲᠤᠳᠠᠭᠠᠵᠤ ᠵᠠᠶᠢᠯᠠᠭᠰᠠᠨ᠂  ᠡᠯ᠎ᠡ ᠲᠦᠷᠦᠯ ᠤᠨ  ᠰᠡᠷᠭᠡᠶᠢᠯᠡᠨ ᠡᠵᠡᠮᠳᠡᠬᠦ ᠠᠷᠭ᠎ᠠ  ᠲᠦᠷᠢᠮ ᠢ ᠲᠡᠪᠴᠢᠭᠰᠡᠨ ᠦᠵᠡᠭᠳᠡᠯ ᠭᠠᠷᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠯᠭᠤᠬᠤ ᠬᠠᠤᠯᠢ︾ ᠶᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠳᠭᠡᠯ ᠤᠯᠭᠤᠵᠤ᠂ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠤᠲᠠᠰᠤ᠄ 0479 ︱ 5230665    ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 13947999675    ᠪᠤᠤᠴᠠᠩ ᠪᠠᠯᠭᠠᠰᠤᠨ ︵ᠨᠡᠶᠢᠭᠡᠮ ᠲᠣᠭᠤᠷᠢᠭ︶ ᠤ ᠵᠢᠵᠢᠭᠦᠷᠯᠡᠬᠦ ᠤᠲᠠᠰᠤ᠄ 0479 ︱ 5222227    ᠵᠢᠶᠠᠨ ᠰᠢᠩ ᠨᠡᠶᠢᠭᠡᠮ ᠲᠣᠭᠤᠷᠢᠭ᠄ 13644792511    ᠪᠦᠦ ᠹᠧᠩ ᠨᠡᠶᠢᠭᠡᠮ ᠲᠣᠭᠤᠷᠢᠭ᠄ 13947930729    ᠨᠠᠨ ᠵᠢᠶᠣᠣ ᠨᠡᠶᠢᠭᠡᠮ ᠲᠣᠭᠤᠷᠢᠭ᠄ 18847938988    ᠰᠢᠨ ᠬᠤᠸᠠ ᠨᠡᠶᠢᠭᠡᠮ ᠲᠣᠭᠤᠷᠢᠭ᠄ 13947395770     ᠲᠠᠢ ᠫᠢᠩ ᠨᠡᠶᠢᠭᠡᠮ ᠲᠣᠭᠤᠷᠢᠭ᠄ 15849930009    ᠳ᠋ᠦᠩ ᠵᠢᠶᠣᠣ ᠨᠡᠶᠢᠭᠡᠮ ᠲᠣᠭᠤᠷᠢᠭ᠄ 13947966967    ᠬᠦᠨᠪᠤᠯᠠᠭ ᠰᠤᠮᠤᠨ ᠤ ᠵᠢᠵᠢᠭᠦᠷᠯᠡᠬᠦ ᠤᠲᠠᠰᠤ᠄ 0479 ︱ 5887015       13234794613    ᠴᠢᠶᠠᠨ ᠵᠢᠨ‌‍ᠭᠧᠦ ᠪᠠᠯᠭᠠᠰᠤᠨ ᠤ ᠵᠢᠵᠢᠭᠦᠷᠯᠡᠬᠦ ᠤᠲᠠᠰᠤ᠄ 0479-2265514    15249535203      ᠬᠤᠩ ᠴᠢ ᠪᠠᠯᠭᠠᠰᠤᠨ ᠤ ᠵᠢᠵᠢᠭᠦᠷᠯᠡᠬᠦ ᠤᠲᠠᠰᠤ᠄ 0479 ︱ 5823064      ᠯᠦᠸᠧ ᠲᠦᠸᠧ ᠱᠠᠨ ᠪᠠᠯᠭᠠᠰᠤᠨ ᠤ ᠵᠢᠵᠢᠭᠦᠷᠯᠡᠬᠦ ᠤᠲᠠᠰᠤ᠄ 0479 ︱ 5855017      ᠶᠦᠩ ᠹᠧᠩ ᠪᠠᠯᠭᠠᠰᠤᠨ ᠤ ᠵᠢᠵᠢᠭᠦᠷᠯᠡᠬᠦ ᠤᠲᠠᠰᠤ᠄ 0479-2265106      ᠰᠢᠩ ᠹᠦ᠋ ᠰᠢᠶᠠᠩ ᠤᠨ ᠵᠢᠵᠢᠭᠦᠷᠯᠡᠬᠦ ᠤᠲᠠᠰᠤ᠄ 0479-589968      15547956376                                                            ᠲᠠᠶᠢᠹᠤᠰᠧ ᠬᠤᠰᠢᠭᠤᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ                                                                                 2022 ᠣᠨ ᠤ 8 ᠰᠠᠷ᠎ᠠ ᠶᠢᠨ 2 ᠤᠨ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号