ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠬᠠᠮᠤᠭ ᠤᠨ ᠰᠢᠨ᠎ᠡ ᠱᠠᠭᠠᠷᠳᠠᠯᠭ᠎ᠠ
ᠨᠡᠶᠢᠲᠡᠯᠡᠭᠰᠡᠨ ᠴᠠᠭ᠄
2022/8/2
 ᠣᠳᠣᠬᠠᠨ ᠳᠤ᠂ ᠪᠥᠬᠦ ᠤᠯᠤᠰ ᠤᠨ ᠣᠯᠠᠨ ᠭᠠᠵᠠᠷ ᠲᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠢᠯᠡᠷᠡᠭᠰᠡᠨ ᠪᠦᠭᠡᠳ ᠮᠠᠨ ᠤ ᠠᠶᠢᠮᠠᠭ ᠤᠨ ᠡᠷᠢᠶᠡᠨ ᠬᠤᠲᠠ ᠳᠤ  ᠤᠨᠤᠰᠢᠯᠠᠭᠳᠠᠭᠰᠠᠨ ᠡᠪᠡᠳᠴᠢᠨ ᠤ ᠵᠢᠱᠢᠶ᠎ᠡ ᠳᠠᠬᠢᠨᠲᠠ ᠭᠠᠷᠴᠤ᠂ ᠮᠠᠨ ᠤ ᠬᠤᠰᠢᠭᠤᠨ ᠤ ︽ᠭᠠᠳᠠᠨ᠎ᠠ ᠠᠴᠠ ᠤᠷᠤᠬᠤ ᠶᠢ ᠰᠡᠷᠭᠡᠶᠢᠯᠡᠬᠦ︾ ᠳᠠᠷᠤᠯᠲᠠ ᠴᠤ ᠦᠷᠭᠦᠯᠵᠢᠯᠡᠨ ᠨᠡᠮᠡᠭᠳᠡᠭᠰᠡᠨ ᠪᠠᠶᠢᠨ᠎ᠠ᠃ ︽ ᠬᠢᠵᠢᠭ ᠤᠨ ᠢᠷᠡᠯᠳᠡ ᠶᠢ ᠣᠨᠣᠴᠠᠲᠠᠢ ᠮᠦᠷᠳᠡᠬᠦ︾ ᠠᠵᠢᠯ ᠢ ᠤᠯᠠᠮ ᠰᠠᠶᠢᠨ  ᠬᠢᠵᠦ᠂ ᠬᠢᠵᠢᠭ  ᠰᠡᠷᠭᠡᠶᠢᠯᠡᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠪᠥᠬᠦ ᠬᠤᠰᠢᠭᠤᠨ ᠤ ᠪᠣᠶ ᠪᠦᠬᠦᠢ ᠡᠵᠡᠩᠨᠡᠯᠲᠡ ᠶᠢᠨ ᠲᠠᠯᠠᠪᠤᠷ ᠨᠢ ︽ᠰᠢᠯᠢᠨ ᠡᠷᠡᠬᠦᠯ ᠡᠩᠬᠡ ᠶᠢᠨ ᠡᠷᠳᠡᠨᠢ︾ 锡林健康宝  ᠲᠠᠯᠠᠪᠤᠷ ᠤᠨ ᠺᠣᠳ᠋ ᠤᠨ ᠰᠢᠷᠪᠢᠵᠦ ᠳᠠᠩᠰᠠᠯᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠭᠡᠷᠡᠭᠳᠡᠢ ᠪᠠᠶᠢᠭ᠎ᠠ᠃ ᠡᠳᠦᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠣᠷᠠᠬᠢ ᠮᠡᠲᠦ  ᠮᠡᠳᠡᠭᠳᠡᠰᠦᠭᠡᠢ᠄     ᠨᠢᠭᠡ᠂ ︽ ᠰᠢᠯᠢᠨ ᠡᠷᠡᠬᠦᠯ ᠡᠩᠬᠡ ᠶᠢᠨ ᠡᠷᠳᠡᠨᠢ︾  ᠲᠠᠯᠠᠪᠤᠷ ᠤᠨ ᠺᠤᠳ᠋ ᠢ ᠨᠡᠶᠢᠳᠡᠮ ᠭᠡᠷᠡᠭᠯᠡᠨ᠂ ᠡᠷᠡᠭᠦᠯ ᠮᠡᠨᠳᠦ ᠶᠢᠨ ᠺᠤᠳ᠋᠂ ᠠᠶᠠᠯᠠᠯ ᠤᠨ ᠺᠤᠳ᠋ ᠲᠠᠢ ᠬᠤᠯᠪᠣᠭᠳᠠᠭᠤᠯᠤᠨ ᠰᠢᠯᠭᠠᠵᠤ᠂  ᠬᠡᠪ ᠤᠨ ᠪᠤᠰᠤ ᠪᠠᠶᠢᠳᠠᠯ ᠲᠠᠢ ᠬᠥᠮᠥᠰ ᠢ ᠢᠯᠡᠷᠡᠬᠦᠯᠪᠡᠯ ᠳᠠᠷᠤᠢ ᠲᠦᠷᠭᠡᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ ᠮᠡᠳᠡᠭᠦᠯᠬᠦ ᠬᠡᠷᠡᠭᠲᠡᠢ᠃    ᠬᠤᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂  ᠡᠵᠡᠩᠨᠡᠯᠳᠡ ᠶᠢᠨ ᠲᠠᠯᠠᠪᠤᠷ ᠲᠠᠭᠠᠨ ᠲᠣᠭᠲᠠᠭᠰᠠᠨ ᠴᠠᠭ ᠲᠠᠢ ᠰᠠᠯᠬᠢ ᠨᠡᠪᠳᠡᠷᠡᠬᠦᠯᠦᠨ᠂ ᠲᠦᠷᠢᠮᠵᠢᠯ ᠲᠠᠢ ᠪᠠᠷ ᠠᠷᠢᠭᠤᠳᠬᠠᠯ  ᠬᠢᠵᠦ᠂  ᠤᠷᠤᠵᠤ ᠭᠠᠷᠬᠤ ᠬᠥᠮᠥᠰ ᠤᠨ ᠠᠮᠠᠪᠴᠢ ᠵᠡᠭᠦᠬᠦ ᠶᠢ ᠱᠠᠭᠠᠷᠳᠠᠨ᠂ ᠪᠡᠶ᠎ᠡ ᠶᠢᠨ ᠳᠤᠯᠠᠭᠠᠨ ᠢ ᠬᠡᠮᠵᠢᠵᠦ᠂ ᠨᠢᠭᠡ ᠮᠧᠲᠷ ᠤᠨ ᠵᠠᠢ ᠶᠢ ᠪᠠᠳᠤᠯᠠᠨ᠂  ᠬᠦᠮᠦᠨ ᠤ ᠲᠤᠭ᠎ᠠ ᠶᠢ ᠬᠢᠵᠠᠭᠠᠷᠯᠠᠵᠤ  ᠂ ᠪᠦᠬᠡᠮᠨᠡᠷᠡᠵᠦ ᠴᠤᠭᠯᠠᠷᠠᠬᠤ ᠶᠢ ᠪᠠᠭᠠᠰᠬᠠᠬᠤ  ᠭᠡᠷᠡᠭᠳᠡᠢ᠃      ᠭᠤᠷᠪᠠ᠂ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠬᠦ ᠶᠢ ᠴᠢᠩᠭᠠᠳᠬᠠᠵᠤ᠂  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠺᠣᠳ᠋ ᠰᠢᠷᠪᠢᠵᠦ ᠲᠠᠩᠰᠠᠯᠠᠬᠤ ᠠᠷᠭ᠎ᠠ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ ︵ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ  ᠤᠨ ᠪᠠᠶᠢᠴᠠᠭᠠᠵᠤ ᠢᠯᠡᠷᠡᠭᠦᠯᠦᠭᠰᠡᠨ᠂ ᠣᠯᠠᠨ ᠲᠦᠮᠡᠨ ᠤ ᠢᠯᠡᠴᠢᠯᠡᠨ ᠮᠡᠳᠡᠭᠦᠯᠵᠦ ᠪᠠᠶᠢᠴᠠᠭᠠᠨ ᠲᠣᠳᠣᠯᠠᠭᠰᠠᠨ︶ ᠡᠵᠡᠩᠨᠡᠯᠲᠡ ᠶᠢᠨ ᠲᠠᠯᠠᠪᠤᠷ ᠢ ᠨᠢᠭᠡ ᠤᠳᠠᠭ᠎ᠠ ᠢᠯᠡᠷᠡᠬᠦᠯᠪᠡᠯ  ᠭᠤᠷᠪᠠᠨ ᠡᠳᠦᠷ ᠠᠵᠢᠯ ᠢ ᠨᠢ ᠵᠣᠭᠰᠣᠭᠠᠨ ᠴᠡᠭᠴᠡᠯᠡᠵᠦ᠂ ᠬᠤᠶᠠᠳᠠᠭᠢ ᠤᠳᠠᠭ᠎ᠠ ᠢᠯᠡᠷᠡᠭᠦᠯᠪᠡᠯ  ᠨᠢᠭᠡ ᠭᠠᠷᠠᠭ ᠠᠵᠢᠯ ᠢ ᠨᠢ ᠵᠣᠭᠰᠣᠭᠠᠨ ᠴᠡᠭᠴᠡᠯᠡᠵᠦ᠂ ᠭᠤᠷᠪᠠᠳᠠᠭᠢ ᠤᠳᠠᠭ᠎ᠠ  ᠪᠤᠯᠪᠠᠯ ᠬᠤᠯᠪᠣᠭᠳᠠᠯ ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ ᠤᠨ ᠶᠣᠰᠣᠭᠠᠷ ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠢ ᠨᠢ ᠲᠦᠷ ᠬᠤᠷᠢᠶᠠᠵᠤ ᠠᠪᠬᠤ ᠪᠤᠶᠤ ᠰᠢᠭᠤᠳ ᠬᠦᠴᠦᠨ ᠦᠭᠡᠢ ᠪᠣᠯᠭᠠᠨ᠎ᠠ᠃        ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠤᠲᠠᠰᠤ᠄ 0479 ︱ 5230665                                                            ᠲᠠᠶᠢᠹᠤᠰᠧ ᠬᠤᠰᠢᠭᠤᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ                                                                            2022 ᠣᠨ ᠤ 8 ᠰᠠᠷ᠎ᠠ ᠶᠢᠨ 2 ᠤᠨ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号