ᠲᠠᠶᠢᠹᠤᠰᠧ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ  ᠬᠢᠨ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠠᠵᠢᠯ ᠳᠤ ᠱᠠᠭᠠᠷᠳᠠᠨ ᠪᠠᠶᠢᠴᠠᠭᠠᠯᠳᠠ ᠬᠢᠭᠰᠡᠨ
ᠨᠡᠶᠢᠲᠡᠯᠡᠭᠰᠡᠨ ᠴᠠᠭ᠄
2022/8/20
     ᠪᠦᠬᠦ ᠬᠤᠰᠢᠭᠤᠨ ᠤ ᠦᠶᠡᠷ ᠤᠰᠤᠳᠠᠯ ᠢ ᠰᠡᠷᠭᠡᠶᠢᠯᠡᠨ ᠭᠠᠩ ᠭᠠᠮᠰᠢᠭ ᠲᠠᠢ ᠲᠡᠮᠡᠴᠡᠬᠦ ᠡᠯ᠎ᠡ ᠲᠦᠷᠦᠯ ᠤᠨ ᠠᠵᠢᠯ ᠢ ᠰᠠᠶᠢᠨ ᠬᠢᠬᠦ ᠶᠢᠨ ᠲᠥᠯᠥᠭᠡ᠂ ᠠᠶᠢᠮᠠᠭ ᠤᠨ ︽ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠱᠠᠭᠠᠷᠳᠠᠨ ᠪᠠᠶᠢᠴᠠᠭᠠᠬᠤ ᠲᠦᠰᠦᠪ︾ ︵ᠰᠢᠯᠢ ᠰᠠᠬᠢᠯᠭ᠎ᠠ ᠠᠯᠪᠠᠨ ᠲᠠᠷᠬᠠᠭᠠᠭᠰᠠᠨ ﹇2022﹈ 25 ᠲᠣᠭᠠᠲᠤ︶ ᠤᠨ  ᠱᠠᠭᠠᠷᠳᠠᠯᠭ᠎ᠠ ᠶᠢ ᠦᠨᠳᠦᠰᠦᠯᠡᠵᠦ᠂ 8 ᠰᠠᠷ᠎ᠠ ᠶᠢᠨ 14 ᠤ ᠡᠳᠦᠷ ᠠᠴᠠ 17 ᠤ ᠡᠳᠦᠷ ᠪᠣᠯᠲᠠᠯ᠎ᠠ  ᠲᠠᠶᠢᠹᠤᠰᠧ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠬᠤᠰᠢᠭᠤᠨ ᠤ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠵᠢᠯᠤᠭᠤᠳᠬᠤ ᠭᠠᠵᠠᠷ ᠤᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠤᠯᠪᠤᠭᠠᠯᠠᠨ  ᠱᠠᠭᠠᠷᠳᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂  ᠪᠦᠬᠦ ᠬᠤᠰᠢᠭᠤᠨ ᠤ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠠᠵᠢᠯ ᠳᠤ ᠲᠤᠰᠬᠠᠢ ᠱᠠᠭᠠᠷᠳᠠᠨ ᠪᠠᠶᠢᠴᠠᠭᠠᠯᠳᠠ ᠬᠢᠵᠡᠢ᠃  ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠵᠢᠯᠤᠭᠤᠳᠬᠤ ᠭᠠᠵᠠᠷ ᠤᠨ ᠭᠡᠰᠢᠬᠦᠨ ᠨᠢᠭᠡᠴᠡ᠂ ᠰᠤᠮᠤ ᠰᠢᠶᠠᠩ ᠪᠠᠯᠭᠠᠰᠤ᠂  ᠭᠠᠴᠠᠭ᠎ᠠ ᠲᠣᠰᠬᠤᠨ  ᠂ ᠠᠶᠤᠯ ᠲᠠᠢ ᠪᠠᠷᠢᠯᠭ᠎ᠠ ᠶᠢᠨ ᠲᠠᠯᠠᠪᠠᠢ᠂ ᠭᠠᠵᠠᠷ  ᠰᠢᠨᠵᠢᠯᠡᠭᠡᠨ ᠤ ᠭᠠᠮᠰᠢᠭ ᠤᠨ ᠴᠢᠭ᠋ ᠵᠢᠴᠢ ᠤᠰᠤᠨ ᠴᠥᠭᠦᠷᠥᠮ᠂ ᠭᠤᠣᠯ ᠤᠨ ᠤᠷᠤᠰᠬᠠᠯ  ᠵᠡᠷᠭᠡ ᠤᠰᠤᠨ ᠠᠰᠢᠭᠯᠠᠯᠲᠠ ᠶᠢᠨ ᠢᠨᠵᠧᠨᠧᠷᠢᠩ ᠢᠶᠠᠷ ᠭᠤᠤᠯ ᠪᠤᠯᠭᠠᠵᠤ᠂  ᠠᠵᠢᠯ ᠤᠨ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠲᠤᠬᠠᠢ ᠶᠢᠨ ᠭᠠᠵᠠᠷ ᠲᠤᠨᠢ  ᠱᠠᠭᠠᠷᠳᠠᠨ ᠪᠠᠶᠢᠴᠠᠭᠠᠬᠤ ᠵᠡᠷᠭᠡ ᠬᠡᠯᠪᠡᠷᠢ ᠪᠠᠷ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠪᠡᠯᠡᠳᠬᠡᠯ ᠲᠦᠰᠦᠪ ᠢ  ᠲᠤᠭᠳᠠᠭᠠᠭᠰᠠᠨ᠂ ᠡᠳ᠋ ᠪᠣᠳᠠᠰ ᠨᠦᠬᠡᠴᠡᠯᠡᠭᠰᠡᠨ ᠪᠠᠶᠢᠳᠠᠯ ᠵᠢᠴᠢ  ᠵᠢᠵᠢᠬᠦᠷ ᠤᠨ ᠲᠤᠬᠢᠷᠠᠭᠤᠯᠤᠯᠳᠠ᠂  ᠤᠬᠠᠭᠤᠯᠭ᠎ᠠ ᠪᠤᠯᠪᠠᠰᠤᠷᠠᠯ᠂ ᠲᠣᠭᠤᠷᠢᠨ ᠪᠠᠶᠢᠴᠠᠭᠠᠯᠳᠠ ᠵᠡᠷᠭᠡ ᠠᠭᠤᠯᠭ᠎ᠠ ᠶᠢ ᠨᠠᠷᠢᠨ ᠨᠢᠮᠪᠠᠢ ᠱᠠᠭᠠᠷᠳᠠᠨ ᠪᠠᠶᠢᠴᠠᠭᠠᠬᠤ ᠶᠢᠨ ᠬᠠᠮᠲᠤ᠂ ᠢᠯᠡᠷᠡᠭᠰᠡᠨ ᠠᠰᠠᠭᠤᠳᠠᠯ ᠳᠤ ᠴᠢᠭᠯᠡᠬᠦᠯᠵᠦ ᠬᠠᠷᠢᠭᠤ ᠲᠤᠰᠬᠠᠬᠤ ᠬᠤᠷᠠᠯ ᠬᠤᠷᠠᠯᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠰᠠᠨᠠᠭᠤᠯᠭ᠎ᠠ ᠶᠢ ᠲᠤᠷᠠᠳᠤᠭᠰᠠᠨ ᠪᠠᠶᠢᠨ᠎ᠠ᠃ ᠱᠠᠭᠠᠷᠳᠠᠨ ᠪᠠᠶᠢᠴᠠᠭᠠᠬᠤ ᠳᠤᠭᠤᠶᠢᠯᠠᠩ ᠠᠴᠠ᠂ ᠡᠯ᠎ᠡ ᠱᠠᠲᠤᠨ ᠤ ᠬᠢᠨ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠢᠯᠠᠩᠭᠤᠶ᠎ᠠ ᠰᠤᠮᠤ ᠰᠢᠶᠠᠩ ᠪᠠᠯᠭᠠᠰᠤ᠂  ᠭᠠᠴᠠᠭ᠎ᠠ ᠲᠣᠰᠬᠤᠨ ᠬᠤᠶᠠᠷ ᠱᠠᠲᠤᠨ ᠤ ᠬᠢᠨ ᠦᠶᠡᠷ ᠢ ᠰᠡᠷᠭᠡᠶᠢᠯᠡᠵᠦ  ᠭᠠᠮᠰᠢᠭ ᠲᠠᠢ ᠲᠡᠮᠡᠴᠡᠬᠦ ᠠᠵᠢᠯ ᠤᠨ ᠬᠦᠨᠳᠦ ᠬᠡᠴᠡᠭᠦᠦ ᠴᠢᠨᠠᠷ ᠢ ᠰᠡᠷᠭᠡᠭ ᠢᠶᠠᠷ ᠲᠠᠨᠢᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠪ ᠲᠤ  ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠪ ᠢ ᠨᠠᠷᠢᠯᠢᠭᠵᠢᠭᠤᠯᠵᠤ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠣᠷᠢᠬᠤ᠂  ᠤᠷᠢᠳᠴᠢᠯᠠᠨ ᠪᠡᠯᠡᠳᠬᠡᠬᠦ ᠵᠡᠷᠭᠡ ᠲᠦᠷᠪᠡᠨ ᠲᠦᠷᠦᠯ ᠤᠨ ᠠᠷᠭ᠎ᠠ ᠠᠪᠴᠢᠯ ᠢ ᠴᠢᠩᠭᠠᠳᠬᠠᠨ᠂ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠠᠵᠢᠯ ᠤᠨ ᠬᠢᠷᠢ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠠᠨ ᠵᠦᠢᠯ ᠤᠨ ᠠᠷᠭ᠎ᠠ ᠬᠡᠯᠪᠡᠷᠢ ᠪᠠᠷ ᠦᠶᠡᠷ ᠢ ᠰᠡᠷᠭᠡᠶᠢᠯᠡᠵᠦ  ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢ ᠶᠡᠬᠡᠪᠡᠷ ᠤᠬᠠᠭᠤᠯᠤᠨ᠂  ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠯ ᠢ ᠦᠷᠨᠢᠬᠦᠯᠵᠦ᠂ ᠤᠯᠠᠨ ᠲᠦᠮᠡᠨ ᠤ ᠭᠠᠮᠰᠢᠭ ᠠᠴᠠ ᠰᠡᠷᠭᠡᠶᠢᠯᠡᠨ ᠬᠤᠬᠢᠷᠠᠯ ᠢ ᠪᠠᠭᠠᠰᠬᠠᠬᠤ ᠦᠵᠡᠯ ᠤᠬᠠᠮᠰᠠᠷ ᠪᠣᠯᠣᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠲᠡᠭᠡᠭᠰᠢᠯᠡᠬᠦᠯᠦᠨ᠂ ᠠᠭᠤᠯᠠᠨ ᠦᠶᠡᠷ ᠢ ᠰᠡᠷᠭᠡᠶᠢᠯᠡᠬᠦ ᠪᠡᠯᠡᠳᠭᠡᠯ ᠠᠵᠢᠯ ᠢ ᠰᠠᠶᠢᠨ ᠬᠢᠵᠦ᠂ ᠭᠡᠨᠡᠳᠲᠡ ᠶᠢᠨ ᠭᠠᠮᠰᠢᠭ  ᠢ ᠪᠦᠲᠦᠮᠵᠢᠲᠡᠶ  ᠠᠷᠭᠠᠴᠠᠬᠤ ᠭᠡᠷᠡᠭᠳᠡᠢ᠃  24 ᠴᠠᠭ ᠢᠶᠠᠷ ᠵᠢᠵᠢᠬᠦᠷᠯᠡᠨ ᠰᠠᠬᠢᠬᠤ᠂ ᠤᠳᠤᠷᠢᠳᠤᠯᠭ᠎ᠠ ᠵᠢᠵᠢᠬᠦᠷ ᠳᠠᠭᠠᠭᠤᠯᠬᠤ ᠵᠡᠷᠭᠡ ᠳᠦᠷᠢᠮ ᠲᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂   ᠴᠢᠮᠡᠭᠡ ᠬᠤᠯᠪᠣᠭ᠎ᠠ ᠰᠠᠭᠠᠳ ᠦᠭᠡᠢ ᠨᠡᠪᠲᠡᠷᠡᠬᠦ ᠶᠢ ᠦᠨᠡᠨᠬᠦ  ᠪᠠᠳᠤᠯᠠᠨ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠬᠦᠯᠬᠦ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠤᠯᠭ᠎ᠠ ᠰᠠᠭᠠᠳ ᠦᠭᠡᠢ ᠨᠡᠪᠳᠡᠷᠡᠬᠦᠯᠦᠨ᠂ ᠮᠡᠳᠡᠭᠡ ᠵᠠᠩᠭᠢ ᠶᠢ ᠴᠠᠭ ᠲᠤᠬᠠᠢ ᠳᠤᠨᠢ   ᠲᠠᠮᠵᠢᠭᠤᠯᠤᠨ ᠰᠤᠯᠢᠯᠴᠠᠵᠤ᠂ ᠰᠢᠢᠳᠪᠦᠷᠢᠯᠡᠬᠦ ᠠᠷᠭ᠎ᠠ ᠪᠠᠷᠢᠯ ᠢ ᠴᠢᠩᠭᠠᠷᠠᠭᠤᠯᠬᠤ ᠬᠡᠷᠡᠭᠲᠡᠢ᠃ ᠱᠠᠭᠠᠷᠳᠠᠨ ᠪᠠᠶᠢᠴᠠᠭᠠᠬᠤ ᠳᠤ ᠢᠯᠡᠷᠡᠭᠦᠯᠦᠭᠰᠡᠨ ᠳᠠᠯᠳᠠ ᠬᠡᠮ ᠤᠨ ᠠᠰᠠᠭᠤᠳᠠᠯ ᠳᠤ ᠴᠠᠭ ᠲᠤᠬᠠᠢ ᠳᠤᠨᠢ ᠲᠠᠩᠰᠠ ᠪᠠᠶᠢᠭᠤᠯᠤᠨ᠂  ᠲᠡᠷᠡ  ᠲᠠᠷᠤᠢ ᠳᠤᠨᠢ ᠴᠡᠭᠴᠡᠯᠡᠨ  ᠰᠠᠶᠢᠵᠢᠷᠠᠭᠤᠯᠬᠤ  ᠶᠢᠨ ᠬᠠᠮᠲᠤ᠂ ᠠᠰᠠᠭᠤᠳᠠᠯ ᠤᠨ ᠡᠭᠦᠰᠦᠭᠰᠡᠨ ᠰᠢᠯᠲᠠᠭᠠᠨ ᠢ ᠭᠦᠨᠵᠡᠭᠡᠢ ᠵᠠᠳᠠᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠨ᠂ ᠨᠢᠭᠡ ᠠᠴᠠ ᠵᠦᠢᠴᠢᠯᠡᠨ ᠨᠦᠬᠦᠭᠡ ᠶᠢ ᠮᠡᠳᠡᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠣᠷᠳᠣ ᠬᠤᠭᠤᠴᠠᠭᠠᠨ ᠤ ᠪᠦᠳᠦᠮᠵᠢᠳᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ ᠬᠡᠵᠦ ᠱᠠᠭᠠᠷᠳᠠᠪᠠ᠃  ᠱᠠᠭᠠᠷᠳᠠᠨ ᠪᠠᠶᠢᠴᠠᠭᠠᠬᠤ ᠳᠤᠭᠤᠶᠢᠯᠠᠩ ᠠᠴᠠ ᠪᠠᠰᠠ᠂  ᠤᠳᠤ ᠪᠤᠯ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠤᠯᠬᠤᠷ ᠤᠯᠤᠰ᠂  ᠣᠷᠣᠨ᠂ ᠠᠶᠢᠮᠠᠭ ᠤᠨ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠠᠵᠢᠯ ᠤᠨ  ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠤᠯᠭᠠᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ᠂ ᠰᠡᠷᠭᠡᠶᠢᠯᠡᠬᠦ ᠪᠠᠷ ᠭᠤᠣᠯ ᠪᠣᠯᠭᠠᠬᠤ ᠶᠢ  ᠪᠠᠷᠢᠮᠳᠠᠯᠠᠵᠤ᠂  ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠠᠪᠴᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠬᠡᠷᠡᠭᠲᠡᠢ ᠬᠡᠵᠦ ᠴᠢᠬᠤᠯᠠᠴᠢᠯᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号