ᠠᠶᠢᠮᠠᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ  ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2022/8/20
   8 ᠰᠠᠷ᠎ᠠ ᠶᠢᠨ 18  ᠤ ᠡᠳᠦᠷ᠂ ᠰᠢᠯᠢ ᠶᠢᠨ ᠭᠤᠣᠯ ᠠᠶᠢᠮᠠᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠤᠯᠤᠰ ᠳᠦᠷᠦ ᠶᠢᠨ ᠬᠡᠯᠲᠡᠰ ᠤᠨ ᠡᠷᠬᠢᠯᠡᠭᠴᠢ ᠪᠦᠦ ᠴᠤᠤ  ᠲᠠᠶᠢᠹᠤᠰᠧ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠳᠤ ᠬᠦᠨᠵᠡᠬᠡᠶᠢᠷᠡᠵᠦ᠂ ᠪᠠᠶᠢᠯᠳᠤᠭᠠᠨ ᠤ ᠪᠣᠯᠪᠠᠰᠤᠷᠠᠯ ᠤᠨ ᠠᠮᠤᠷ ᠲᠦᠪᠰᠢᠨ ᠤ ᠲᠤᠬᠠᠢ  ᠪᠠᠶᠢᠴᠠᠭᠠᠨ ᠵᠢᠯᠤᠭᠤᠳᠬᠤ ᠠᠵᠢᠯ ᠥᠷᠨᠢᠭᠦᠯᠵᠡᠢ᠃ ᠪᠠᠶᠢᠴᠠᠭᠠᠨ ᠵᠢᠯᠤᠭᠤᠳᠬᠤ ᠳᠤᠭᠤᠶᠢᠯᠠᠩ ᠤᠨ ᠬᠢᠨ ᠭᠠᠯ ᠤᠨᠳᠠᠷᠠᠭᠠᠬᠤ ᠠᠵᠢᠯᠳᠠᠨ ᠤ ᠪᠡᠶ᠎ᠡ ᠪᠠᠨ ᠬᠠᠮᠠᠭᠠᠯᠠᠬᠤ ᠲᠣᠨᠣᠭᠯᠠᠯ᠂ ᠲᠡᠷᠭᠡ ᠤᠨᠤᠭᠠᠨ  ᠤ ᠲᠣᠰᠣ ᠤᠰᠤ᠂ ᠠᠮᠤᠷ ᠲᠦᠪᠰᠢᠨ ᠤ ᠠᠵᠢᠯᠲᠠᠨ ᠪᠠ ᠪᠠᠴᠢᠮ ᠠᠪᠤᠷᠠᠯᠲᠠ ᠶᠢᠨ ᠳᠤᠭᠤᠶᠢᠯᠠᠩ ᠤᠨ ᠪᠠᠶᠢᠷᠢᠯᠠᠭᠤᠯᠤᠯᠲᠠ ᠵᠢᠴᠢ ᠬᠠᠮᠢᠶ᠎ᠠ ᠪᠦᠬᠦᠢ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠪᠠᠶᠢᠳᠠᠯ ᠳᠤ ᠪᠠᠶᠢᠴᠠᠭᠠᠯᠲᠠ ᠬᠢᠵᠦ᠂ ᠠᠵᠢᠯᠳᠠᠳ ᠤᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠵᠢᠴᠢ ᠪᠠᠶᠢᠯᠳᠤᠭᠠᠨ ᠤ ᠪᠣᠯᠪᠠᠰᠤᠷᠠᠯ ᠤᠨ ᠠᠮᠤᠷ ᠲᠦᠪᠰᠢᠨ ᠤ   ᠮᠡᠳᠡᠯᠭᠡ ᠶᠢᠨ ᠲᠤᠬᠠᠢ ᠠᠰᠠᠭᠤᠯᠲᠠ ᠳᠤᠷᠠᠳᠤᠭᠰᠠᠨ ᠪᠥᠭᠡᠳ  ᠳᠦᠷᠢᠮ ᠲᠤᠭᠳᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂  ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ   ᠤᠨ ᠲᠠᠩᠰᠠ ᠡᠪᠬᠡᠮᠡᠯ ᠢ ᠪᠠᠶᠢᠴᠠᠭᠠᠨ ᠦᠵᠡᠭᠰᠡᠨ ᠪᠠᠶᠢᠨ᠎ᠠ᠃  ᠪᠠᠶᠢᠴᠠᠭᠠᠨ ᠵᠢᠯᠤᠭᠤᠳᠬᠤ ᠳᠤᠭᠤᠶᠢᠯᠠᠩ  ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂   ︽ᠨᠠᠢᠮᠠᠨ ᠨᠢᠭᠡ︾ ᠶᠢᠨ ᠴᠢᠩᠭᠠᠳᠬᠠᠬᠤ ᠠᠷᠭ᠎ᠠ ᠬᠡᠮᠵᠢᠶ᠎ᠡ᠂ ︽6.6︾  ᠭᠠᠯ ᠤᠨᠲᠠᠷᠠᠭᠠᠬᠤ ᠠᠪᠤᠷᠠᠨ ᠲᠤᠰᠠᠯᠠᠬᠤ  ᠲᠤᠪᠴᠢᠶᠠᠨ ᠤ ᠪᠠᠴᠢᠮ ᠬᠤᠷᠠᠯ ᠤᠨ ᠵᠣᠷᠢᠭ ᠰᠠᠨᠠᠭ᠎ᠠ ᠵᠢᠴᠢ ᠳᠥᠷᠪᠡ ᠶᠢ ᠪᠠᠶᠢᠴᠠᠭᠠᠵᠤ ᠳᠥᠷᠪᠡ ᠶᠢ ᠵᠠᠯᠠᠷᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠯᠳᠤᠭᠠᠨ ᠤ ᠪᠣᠯᠪᠠᠰᠤᠷᠠᠯ ᠤᠨ ᠠᠮᠤᠷ ᠲᠦᠪᠰᠢᠨ ᠤ ᠠᠵᠢᠯ ᠢ ᠢᠮᠠᠭᠲᠠ ᠲᠤᠤᠱᠯᠠᠭᠤᠯᠬᠤ ᠬᠡᠷᠡᠭᠲᠡᠢ᠃  ᠭᠠᠯ ᠤᠨᠳᠠᠷᠠᠭᠠᠬᠤ ᠪᠠᠶᠢᠯᠳᠤᠭᠠᠨ ᠤ ᠪᠡᠯᠡᠳᠬᠡᠯ ᠢ ᠴᠢᠩᠭᠠᠳᠬᠠᠵᠤ᠂  ᠲᠡᠷᠭᠡ ᠬᠥᠰᠬᠡ᠂ ᠲᠤᠨᠤᠭ ᠲᠥᠬᠦᠭᠡᠷᠦᠮᠵᠢ ᠶᠢ ᠪᠦᠬᠦ ᠲᠠᠯ᠎ᠠ ᠪᠠᠷ  ᠪᠠᠶᠢᠴᠠᠭᠠᠨ᠂  ᠢᠯᠡᠷᠡᠭᠰᠡᠨ ᠠᠰᠠᠭᠤᠳᠠᠯ ᠢ  ᠲᠡᠷᠡ  ᠲᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ ᠲᠡᠷᠭᠡ ᠬᠥᠰᠬᠡ  ᠂ ᠲᠤᠨᠤᠭ ᠲᠦᠬᠦᠭᠡᠷᠦᠮᠵᠢ  ᠪᠦᠷᠢᠨ ᠭᠦᠢᠴᠡᠳ᠂  ᠠᠰᠠᠭᠤᠳᠠᠯ ᠦᠬᠡᠢ ᠪᠠᠶᠢᠬᠤ ᠶᠢ ᠪᠠᠲᠤᠯᠠᠬᠤ ᠬᠡᠷᠡᠭᠲᠡᠢ᠃  ᠬᠠᠷᠢᠶ᠎ᠠ ᠣᠷᠣᠨ ᠤ ᠪᠠᠨ ᠭᠠᠢ ᠭᠠᠮᠰᠢᠭ ᠤᠨ ᠣᠨᠴᠠᠯᠢᠭ ᠲᠠᠢ ᠤᠶᠠᠯᠳᠤᠭᠤᠯᠤᠨ ᠂ ᠨᠡᠶᠢᠲᠡᠯᠢᠭ  ᠵᠢᠱᠢᠶᠡᠨ ᠤ ᠵᠠᠳᠠᠯᠤᠯᠲᠠ᠂ ᠠᠮᠤᠷ ᠲᠦᠪᠰᠢᠨ ᠤ ᠪᠠᠶᠢᠳᠠᠯ ᠤᠨ ᠵᠠᠳᠠᠯᠤᠯᠲᠠ ᠶᠢᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠠᠪᠤᠷᠠᠨ ᠲᠤᠰᠠᠯᠠᠵᠤ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃  ᠪᠠᠶᠢᠴᠠᠭᠠᠨ ᠴᠡᠭᠴᠡᠯᠡᠬᠦ ᠶᠢ ᠴᠢᠩᠭᠠᠳᠬᠠᠵᠤ᠂ ᠪᠠᠶᠢᠯᠳᠤᠭᠠᠨ ᠤ ᠪᠣᠯᠪᠠᠰᠤᠷᠠᠯ ᠤᠨ ᠠᠮᠤᠷ ᠲᠦᠪᠰᠢᠨ ᠤ ᠶᠡᠭᠡ ᠪᠠᠶᠢᠴᠠᠭᠠᠯᠳᠠ ᠶᠡᠭᠡ ᠴᠡᠭᠴᠡᠯᠡᠯᠳᠡ ᠶᠢ ᠪᠥᠬᠦ ᠲᠠᠯ᠎ᠠ ᠪᠠᠷ ᠦᠷᠨᠢᠬᠦᠯᠦᠨ᠂ ᠪᠠᠶᠢᠯᠳᠤᠭᠠᠨ ᠤ ᠪᠣᠯᠪᠠᠰᠤᠷᠠᠯ ᠤᠨ ᠳᠤᠮᠳᠠ ᠵᠣᠬᠢᠶᠠᠨ ᠪᠠᠶᠢᠭᠤᠯᠤᠯᠳᠠ ᠨᠢᠭᠲᠠ  ᠪᠤᠰᠤ᠂  ᠠᠯᠬᠤᠮ ᠶᠠᠪᠤᠴᠠ ᠲᠦᠷᠢᠮᠵᠢᠯ ᠦᠭᠡᠢ᠂ ᠪᠠᠶᠢᠴᠠᠭᠠᠯᠲᠠ ᠨᠢ ᠪᠠᠷᠢᠮᠵᠢᠶ᠎ᠠ ᠳᠤ ᠬᠦᠷᠬᠦ ᠦᠭᠡᠢ᠂ ᠠᠷᠭ᠎ᠠ ᠪᠠᠷᠢᠯ ᠨᠢ ᠶᠠᠪᠤᠭᠳᠠᠬᠤ ᠦᠭᠡᠢ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂   ᠡᠯ᠎ᠡ ᠲᠦᠷᠦᠯ ᠤᠨ ᠤᠰᠤᠯ ᠠᠳᠡᠯ ᠢ ᠡᠷᠡᠰ ᠬᠤᠷᠢᠭᠯᠠᠬᠤ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号