ᠲᠠᠷᠢᠶᠠᠯᠠᠩ ᠤᠨ ᠪᠠᠩᠬᠢ ᠶᠢᠨ ᠰᠢᠯᠢ ᠶᠢᠨ ᠭᠤᠣᠯ ᠬᠤᠪᠢᠶᠠᠷᠢ ᠪᠠᠩᠬᠢ ᠲᠠᠶᠢᠹᠤᠰᠧ ᠬᠤᠰᠢᠭᠤᠨ ᠳᠤ ᠨᠠᠮ ᠤᠨ ᠪᠠᠶᠢᠭᠤᠯᠤᠯᠲᠠ ᠶᠢᠨ ᠬᠠᠮᠲᠤᠪᠠᠷ ᠪᠠᠶᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/25
  8 ᠰᠠᠷ᠎ᠠ ᠶᠢᠨ 23 ᠤ ᠡᠳᠦᠷ᠂ ᠲᠠᠷᠢᠶᠠᠯᠠᠩ ᠤᠨ ᠪᠠᠩᠬᠢ ᠶᠢᠨ ᠰᠢᠯᠢ ᠶᠢᠨ ᠭᠤᠣᠯ ᠬᠤᠪᠢᠶᠠᠷᠢ ᠪᠠᠩᠬᠢ ᠶᠢᠨ ᠬᠢᠨ ᠲᠠᠶᠢᠹᠤᠰᠧ ᠬᠤᠰᠢᠭᠤᠨ ᠤ ᠰᠢᠩ ᠹᠦ᠋ ᠰᠢᠶᠠᠩ ᠤᠨ ᠶᠢᠨ ᠵᠠᠨ ᠲᠣᠰᠬᠤᠨ ᠲᠠᠢ ᠬᠠᠮᠲᠤᠷᠠᠨ ︽ᠨᠠᠮ ᠤᠨ ᠪᠠᠶᠢᠭᠤᠯᠤᠯᠲᠠ ᠶᠢᠨ ᠲᠠᠭᠠᠭᠤᠯᠭ᠎ᠠ ᠪᠠᠷ ᠬᠠᠮᠳᠤᠷᠠᠯ ᠤᠨ ᠬᠦᠴᠦᠨ ᠢ ᠲᠦᠪᠯᠡᠷᠡᠬᠦᠯᠵᠦ  ᠂ ᠬᠥᠭᠵᠢᠭᠦᠯᠦᠨ ᠮᠠᠨᠳᠤᠭᠤᠯᠬᠤ ᠵᠠᠮ ᠳᠤ ᠠᠷᠠᠳ ᠤᠨ ᠰᠡᠳᠬᠢᠯ ᠢ ᠳᠤᠯᠠᠭᠠᠴᠠᠭᠤᠯᠬᠤ︾ ᠪᠠᠷ ᠭᠤᠣᠯ ᠰᠡᠳᠦᠪ ᠪᠣᠯᠭᠠᠭᠰᠠᠨ ᠨᠠᠮ ᠤᠨ ᠪᠠᠶᠢᠭᠤᠯᠤᠯᠲᠠ ᠶᠢᠨ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠡᠢ᠃ ᠠᠵᠢᠯᠯᠠᠭᠠᠨ ᠤ ᠳᠤᠮᠳᠠ᠂  ᠪᠠᠩᠬᠢ ᠶᠢᠨ ᠨᠠᠮ ᠤᠨ ᠭᠡᠰᠢᠬᠦᠳ  ᠪᠤᠯᠤᠨ ᠲᠣᠰᠬᠤᠨ ᠤ ᠨᠠᠮ ᠤᠨ ᠭᠡᠰᠢᠬᠦᠳ ᠬᠠᠮᠲᠤ ᠪᠠᠷ ᠲᠠᠶᠢᠹᠤᠰᠧ ᠬᠤᠰᠢᠭᠤᠨ ᠤ  ᠡᠬᠡ ᠤᠷᠤᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠭᠰᠡᠨ ᠪᠦᠭᠡᠳ ᠨᠠᠮ ᠤᠨ ᠲᠤᠭ ᠤᠨ ᠡᠮᠦᠨ᠎ᠡ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠪᠲᠠᠨ ᠤᠩᠰᠢᠵᠤ᠂ ᠪᠦᠬᠦ ᠨᠠᠮ ᠤᠨ ᠭᠡᠰᠢᠬᠦᠳ ᠤᠨ ᠠᠷᠠᠳ ᠲᠦᠮᠡᠨ ᠳᠤ ᠦᠢᠯᠡᠴᠢᠯᠡᠬᠦ ᠬᠦᠰᠡᠯᠡᠩ ᠢᠲᠡᠭᠡᠯ ᠪᠢᠰᠢᠷᠡᠯ ᠢ ᠪᠠᠳᠤᠳᠬᠠᠭᠰᠠᠨ ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠨᠠᠮ ᠤᠨ ᠪᠠᠶᠢᠭᠤᠯᠤᠯᠲᠠ᠂ ᠲᠣᠰᠬᠤᠨ ᠤ ᠠᠷᠠᠳ ᠤᠨ ᠵᠥᠪᠯᠡᠯ ᠤᠨ ᠪᠠᠶᠢᠭᠤᠯᠤᠯᠲᠠ᠂ ᠬᠠᠮᠲᠤ ᠶᠢᠨ ᠠᠵᠤ ᠠᠬᠤᠢ ᠶᠢᠨ ᠬᠦᠭᠵᠢᠯᠳᠡ ᠵᠢᠴᠢ ᠳᠠᠷᠠᠭᠠᠴᠢ ᠶᠢᠨ ᠠᠯᠬᠤᠮ ᠤᠨ ᠬᠠᠪᠰᠤᠷᠤᠨ ᠲᠡᠳᠬᠦᠬᠦ ᠠᠵᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠳᠠᠷᠠᠭ᠎ᠠ ᠨᠢ᠂  ᠨᠠᠮ ᠤᠨ ᠪᠠᠶᠢᠭᠤᠯᠤᠯᠲᠠ ᠶᠢᠨ ᠬᠠᠮᠲᠤᠪᠠᠷ ᠪᠠᠶᠢᠭᠤᠯᠬᠤ ᠠᠵᠢᠯ ᠤᠨ ᠭᠡᠷ᠎ᠡ ᠲᠣᠭᠲᠠᠬᠤ ᠶᠣᠰᠣᠯᠠᠯ᠂ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂  ᠪᠠᠩᠬᠢ ᠶᠢᠨ ᠲᠠᠯ᠎ᠠ ᠠᠴᠠ  ᠨᠠᠮ ᠤᠨ ᠪᠠᠶᠢᠭᠤᠯᠤᠯᠲᠠ ᠪᠠ ᠰᠣᠶᠣᠯ᠂ ᠠᠮᠢᠳᠤᠷᠠᠯ᠂ ᠬᠠᠤᠯᠢ  ᠶᠢᠨ ᠬᠠᠮᠢᠶᠠᠳᠠᠢ 100 ᠭᠠᠷᠤᠢ ᠲᠡᠪᠳᠡᠷ ᠨᠣᠮ ᠪᠢᠴᠢᠭ ᠢ ᠶᠢᠨ ᠵᠠᠨ ᠲᠣᠰᠬᠤᠨ ᠳᠤ ᠬᠦᠷᠭᠡᠭᠰᠡᠨ ᠤ ᠬᠠᠮᠲᠤ ᠲᠧᠯᠸᠢᠰ  ᠂ ᠺᠣᠮᠫᠢᠦ᠋ᠲ᠋ᠧᠷ ᠲᠤᠰᠪᠤᠷᠢ ᠨᠢᠭᠡ ᠶᠢ ᠬᠦᠷᠭᠡᠭᠰᠡᠨ ᠪᠠᠶᠢᠯ᠎ᠠ᠃ ᠣᠶᠢᠯᠠᠭᠠᠭᠰᠠᠨ ᠢᠶᠠᠷ᠂ 2013 ᠣᠨ ᠳᠤ ᠲᠠᠷᠢᠶᠠᠯᠠᠩ ᠤᠨ ᠪᠠᠩᠬᠢ ᠶᠢᠨ ᠰᠢᠯᠢ ᠶᠢᠨ ᠭᠤᠣᠯ ᠬᠤᠪᠢᠶᠠᠷᠢ ᠪᠠᠩᠬᠢ ᠨᠢ ᠰᠢᠩ ᠹᠦ᠋ ᠰᠢᠶᠠᠩ ᠤᠨ   ᠶᠢᠨ ᠵᠠᠨ ᠲᠣᠰᠬᠤᠨ ᠢ ᠬᠠᠪᠰᠤᠷᠤᠨ ᠲᠡᠳᠬᠦᠭᠰᠡᠨ ᠠᠴᠠ ᠨᠠᠰᠢ᠂ ᠲᠣᠮᠣ ᠪᠠᠩᠬᠢ ᠶᠢᠨ ᠬᠠᠷᠢᠭᠤᠴᠠᠯᠭ᠎ᠠ ᠡᠬᠦᠷᠭᠡᠯᠡᠯ ᠢ ᠢᠮᠠᠭᠲᠠ ᠪᠠᠷᠢᠮᠲᠠᠯᠠᠨ᠂ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠪᠠᠶᠢᠭᠤᠯᠤᠯᠲᠠ᠂ ᠰᠣᠶᠣᠯ ᠤᠨ ᠬᠥᠭᠵᠢᠯᠲᠡ᠂ ᠣᠷᠴᠢᠨ  ᠲᠤᠭᠤᠷᠢᠨ ᠤ ᠵᠠᠰᠠᠯᠳᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠲᠠᠯ᠎ᠠ ᠪᠠᠷ  ᠶᠡᠭᠡ ᠬᠡᠮᠵᠢᠶᠡᠨ ᠤ ᠬᠠᠪᠰᠤᠷᠤᠯᠭ᠎ᠠ ᠲᠡᠮᠵᠢᠯᠬᠡ ᠦᠵᠡᠬᠦᠯᠵᠦ ᠢᠷᠡᠵᠡᠢ  ᠃  ᠡᠨᠡ ᠤᠳᠠᠭ᠎ᠠ ᠲᠠᠷᠢᠶᠠᠯᠠᠩ ᠤᠨ ᠪᠠᠩᠬᠢ ᠶᠢᠨ ᠰᠢᠯᠢ ᠶᠢᠨ ᠭᠤᠣᠯ ᠬᠤᠪᠢᠶᠠᠷᠢ ᠪᠠᠩᠬᠢ ᠨᠢ ᠲᠣᠰᠬᠤᠨ ᠤ ᠨᠠᠮ ᠤᠨ ᠪᠠᠶᠢᠭᠤᠯᠤᠯᠲᠠ ᠶᠢᠨ ᠰᠣᠶᠣᠯ ᠤᠨ ᠬᠡᠷᠡᠮ ᠢ ᠪᠠᠶᠢᠭᠤᠯᠬᠤ ᠵᠢᠴᠢ ᠠᠯᠪᠠᠨ ᠲᠥᠬᠦᠭᠡᠷᠦᠮᠵᠢ ᠶᠢ ᠪᠦᠷᠢᠨᠰᠢᠬᠦᠯᠬᠦ ᠳᠤ  ᠪᠠᠰᠠ 3 ᠲᠦᠮᠡᠨ ᠲᠥᠭᠦᠷᠢᠭ ᠤᠨ ᠪᠡᠯᠡ  ᠤᠷᠤᠭᠤᠯᠤᠭᠰᠠᠨ  ᠢᠶᠠᠷ᠂ ᠤᠳᠤ ᠪᠤᠯᠳᠠᠯ᠎ᠠ   ᠶᠢᠨ ᠵᠠᠨ ᠲᠤᠰᠬᠤᠨ ᠢ ᠬᠠᠪᠰᠤᠷᠤᠨ ᠲᠡᠳᠬᠦᠭᠰᠡᠨ  ᠪᠡᠯᠡ  ᠮᠦᠩᠬᠦ ᠨᠡᠶᠢᠲᠡ 60 ᠭᠠᠷᠤᠢ ᠲᠦᠮᠡᠨ ᠲᠥᠭᠦᠷᠢᠭ ᠲᠤ   ᠬᠦᠷᠪᠡ᠃ ᠳᠠᠷᠠᠭᠠᠴᠢ ᠶᠢᠨ ᠠᠯᠬᠤᠮ ᠳᠤ᠂ ᠲᠠᠷᠢᠶᠠᠯᠠᠩ ᠤᠨ ᠪᠠᠩᠬᠢ ᠶᠢᠨ ᠰᠢᠯᠢ ᠶᠢᠨ ᠭᠤᠣᠯ ᠬᠤᠪᠢᠶᠠᠷᠢ ᠪᠠᠩᠬᠢ ᠨᠢ ᠶᠢᠨ ᠵᠠᠨ ᠲᠣᠰᠬᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠬᠡᠷᠡᠭᠵᠢᠭᠦᠯᠵᠦ ᠪᠣᠯᠬᠤᠶᠢᠴᠠ ᠴᠢᠨᠡᠭᠡᠯᠢᠭᠵᠢᠯ ᠤᠨ ᠲᠦᠷᠦᠯ ᠵᠦᠢᠯ ᠢ ᠰᠦᠪᠡᠭᠴᠢᠯᠡᠨ ᠬᠡᠷᠡᠭᠵᠢᠭᠦᠯᠵᠦ᠂  ᠲᠠᠷᠢᠶᠠᠴᠢᠳ ᠤᠨ ᠣᠷᠣᠯᠭ᠎ᠠ   ᠶᠢᠨ ᠲᠣᠭᠲᠠᠭᠤᠨ ᠢᠶᠠᠷ ᠨᠡᠮᠡᠭᠳᠡᠬᠦ ᠶᠢ ᠪᠦᠬᠦ ᠬᠦᠴᠦᠨ ᠢᠶᠠᠷ ᠲᠠᠶᠢᠴᠢᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠷᠢᠶᠠᠯᠠᠩ ᠤᠨ ᠪᠠᠩᠬᠢ ᠶᠢᠨ ᠬᠦᠴᠦᠨ ᠴᠢᠳᠠᠯ ᠢᠶᠠᠨ ᠨᠡᠮᠡᠷᠢᠯᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号