ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠮᠠᠯᠵᠢᠬᠤ ᠣᠷᠣᠨ ᠳᠤ ᠬᠦᠨᠵᠡᠬᠡᠶᠢᠷᠡᠵᠦ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2022/8/25
    ᠮᠠᠯᠵᠢᠬᠤ ᠲᠠᠷᠢᠶᠠᠯᠠᠬᠤ ᠣᠷᠣᠨ ᠤ ᠨᠠᠰᠤᠨ ᠳᠤ ᠥᠯᠥ ᠭᠦᠷᠦᠭᠰᠡᠳ ᠤᠨ ᠬᠠᠤᠯᠢ ᠶᠢ ᠬᠦᠨᠳᠦᠳᠬᠡᠵᠦ ᠬᠠᠤᠯᠢ ᠶᠢ ᠰᠠᠬᠢᠵᠤ ᠬᠠᠤᠯᠢ ᠶᠢ ᠬᠡᠷᠡᠭᠯᠡᠬᠦ ᠤᠬᠠᠮᠰᠠᠷ ᠢ ᠤᠯᠠᠮ ᠴᠢᠩᠭᠠᠳᠬᠠᠬᠤ ᠶᠢᠨ ᠲᠥᠯᠥᠭᠡ᠂  8 ᠰᠠᠷ᠎ᠠ ᠶᠢᠨ 23 ᠤ ᠡᠳᠦᠷ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠬᠦᠨᠪᠤᠯᠠᠭ ᠰᠤᠮᠤᠨ ᠤ ᠡᠮᠦᠨ᠎ᠡ  ᠸᠠᠶᠤᠤ ᠭᠠᠴᠠᠭ᠎ᠠ ᠳᠤ ᠬᠦᠨᠵᠡᠬᠡᠶᠢᠷᠡᠵᠦ  ᠂ ︽ᠪᠠᠶᠢᠴᠠᠭᠠᠬᠤ ᠠᠵᠢᠯ ᠪᠠ ᠬᠠᠶᠢᠷ᠎ᠠ ᠬᠠᠯᠠᠮᠵᠢ ᠶᠢ ᠬᠠᠮᠳᠤ ᠶᠠᠪᠤᠭᠳᠠᠭᠤᠯᠵᠤ ︱  ᠬᠠᠤᠯᠢ ᠲᠦᠷᠢᠮ ᠢ  ᠬᠥᠳᠡᠭᠡ ᠲᠣᠰᠬᠤᠨ ᠳᠤ ᠬᠦᠷᠭᠡᠬᠦ︾  ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠪᠠᠨ ᠵᠢᠩᠬᠢᠨᠢ ᠪᠠᠷ ᠡᠬᠢᠯᠡᠬᠦᠯᠵᠡᠢ᠃ ᠬᠤᠰᠢᠭᠤᠨ ᠤ ᠤᠳᠤᠷᠢᠳᠤᠯᠭ᠎ᠠ ᠯᠢ ᠵᠠᠨ ᠷᠦᠢ᠂ ᠸᠠᠩ ᠸᠧᠢ ᠬᠤᠩ ᠂ ᠬᠡᠰᠢᠭᠲᠦ᠂ ᠯᠢ ᠴᠦᠨ ᠭᠤᠸᠠᠩ᠂ ᠳ᠋ᠦ᠋ ᠸᠧᠢ᠂ ᠣᠶᠤᠨᠴᠡᠴᠡᠭ᠂ ᠵᠣᠣ ᠶᠦᠩ᠂ ᠨᠠᠷᠠᠰᠤ ᠠᠵᠢᠯᠯᠠᠭ᠎ᠠ ᠳᠤ ᠤᠷᠤᠯᠴᠠᠪᠠ᠃  ᠪᠠᠶᠢᠴᠠᠭᠠᠬᠤ ᠬᠤᠷᠢᠶᠠᠨ ᠤ ᠬᠢᠨ ᠲᠤᠬᠠᠢ ᠶᠢᠨ ᠭᠠᠵᠠᠷ ᠤᠨ ᠰᠤᠷᠤᠭᠴᠢᠳ ᠲᠤ ᠬᠢᠲᠠᠳ ᠮᠣᠩᠭᠤᠯ ᠬᠤᠣᠰ ᠬᠡᠯᠡᠨ ᠤ ᠬᠡᠪᠯᠡᠯ ᠤᠨ ︽ᠨᠠᠰᠤᠨ ᠳᠤ ᠥᠯᠥ ᠬᠦᠷᠦᠭᠰᠡᠳ ᠤᠨ ᠬᠠᠤᠯᠢᠵᠢᠯ ᠤᠨ ᠤᠬᠠᠭᠤᠯᠭ᠎ᠠ ᠶᠢᠨ ᠭᠠᠷ ᠠᠪᠤᠯᠭ᠎ᠠ︾  ᠂ ︽ᠨᠠᠰᠤᠨ ᠳᠤ ᠥᠯᠥ ᠬᠦᠷᠦᠭᠰᠡᠳ ᠤᠨ ᠬᠠᠤᠯᠢ ᠴᠠᠭᠠᠵᠠ ᠶᠢᠨ ᠡᠮᠬᠢᠳᠬᠡᠯ︾  ᠵᠡᠷᠭᠡ ᠶᠢ ᠬᠦᠷᠭᠡᠭᠰᠡᠨ ᠤ ᠬᠠᠮᠳᠤ᠂  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ   ᠢ ᠬᠠᠮᠠᠭᠠᠯᠠᠬᠤ ᠬᠠᠤᠯᠢ︾  ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ   ᠶᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠤᠨ ᠬᠥᠮᠦᠵᠢᠯ   ᠢ ᠠᠬᠢᠭᠤᠯᠬᠤ ᠬᠠᠤᠯᠢ︾   ᠶᠢᠨ ᠪᠣᠳᠠᠲᠠᠢ ᠠᠭᠤᠯᠭ᠎ᠠ ᠵᠢᠴᠢ ᠦᠨᠳᠦᠰᠦᠲᠡᠨ ᠨᠦᠭᠦᠳ ᠪᠦᠯᠬᠦᠮᠳᠡᠨ ᠨᠢᠬᠳᠠᠷᠠᠬᠤ᠂  ᠲᠠᠯ᠎ᠠ ᠨᠤᠲᠤᠭ ᠢᠶᠠᠨ ᠬᠠᠶᠢᠷᠠᠯᠠᠨ  ᠬᠠᠮᠠᠭᠠᠯᠠᠬᠤ ᠶᠢᠨ ᠠᠴᠢ ᠬᠤᠯᠪᠣᠭᠳᠠᠯ   ᠢ  ᠤᠬᠠᠭᠤᠯᠤᠨ  ᠲᠠᠶᠢᠯᠪᠤᠷᠢᠯᠠᠵᠠᠢ᠃  ᠪᠠᠶᠢᠴᠠᠭᠠᠬᠤ ᠬᠤᠷᠢᠶᠠᠨ ᠤ ᠺᠠᠳ᠋ᠷ ᠴᠠᠭᠳᠠᠭ᠎ᠠ ᠨᠠᠷ ᠪᠠᠰᠠ ᠰᠤᠷᠤᠭᠴᠢᠳ ᠲᠠᠢ ᠬᠠᠮᠳᠤ ᠬᠤᠭ ᠨᠣᠪᠰᠢ ᠲᠡᠭᠦᠬᠦ᠂ ᠨᠤᠲᠤᠭ ᠪᠡᠯᠴᠢᠭᠡᠷ ᠢ ᠬᠠᠮᠠᠭᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ  ᠦᠷᠨᠢᠬᠦᠯᠦᠭᠰᠡᠨ ᠪᠠᠶᠢᠯ᠎ᠠ᠃ ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠪᠠᠶᠢᠴᠠᠭᠠᠬᠤ ᠬᠤᠷᠢᠶ᠎ᠠ ᠨᠢ ︽ᠪᠠᠶᠢᠴᠠᠭᠠᠬᠤ ᠠᠵᠢᠯ ᠪᠠ ᠬᠠᠶᠢᠷ᠎ᠠ ᠬᠠᠯᠠᠮᠵᠢ ᠶᠢ ᠬᠠᠮᠳᠤ ᠶᠠᠪᠤᠭᠳᠠᠭᠤᠯᠵᠤ ︱  ᠬᠠᠤᠯᠢ ᠲᠦᠷᠢᠮ ᠢ  ᠬᠥᠳᠡᠭᠡ ᠲᠣᠰᠬᠤᠨ ᠳᠤ ᠬᠦᠷᠭᠡᠬᠦ︾  ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠥᠳᠡᠭᠡ ᠲᠣᠰᠬᠤᠨ ᠮᠠᠯᠵᠢᠬᠤ ᠣᠷᠣᠨ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠪᠠᠭᠠᠴᠤᠳ ᠤᠨ ᠬᠠᠮᠠᠭᠠᠯᠠᠯᠲᠠ ᠶᠢᠨ ᠥᠷᠲᠡᠭᠡ ᠵᠡᠷᠭᠡ ᠳᠤ ᠭᠦᠨᠵᠡᠭᠡᠶᠢᠷᠡᠨ᠂ ᠬᠠᠤᠯᠢᠵᠢᠯ ᠤᠨ ᠬᠢᠴᠢᠶᠡᠯ ᠲᠠᠶᠢᠯᠤᠮᠵᠢ ᠬᠢᠬᠦ᠂  ᠺᠢᠨᠤ᠋ ᠵᠦᠴᠦᠭᠡ  ᠰᠤᠨᠢᠷᠬᠠᠭᠤᠯᠬᠤ᠂ ᠳᠠᠭᠤᠷᠢᠶᠠᠮᠠᠯ ᠰᠢᠭᠦᠬᠦ ᠲᠢᠩᠬᠢᠮ ᠨᠡᠭᠡᠭᠡᠬᠦ ᠮᠡᠳᠦ  ᠶᠢᠨ ᠠᠷᠭ᠎ᠠ ᠮᠠᠶ᠋ᠢᠭ ᠢᠶᠠᠷ  ᠨᠠᠰᠤᠨ ᠳᠤ ᠥᠯᠥ ᠭᠦᠷᠦᠭᠰᠡᠳ ᠢᠯᠠᠩᠭᠤᠶ᠎ᠠ ᠭᠡᠷ ᠲᠡᠭᠡᠨ ᠬᠤᠴᠣᠷᠤᠭᠰᠠᠨ ᠬᠡᠦᠬᠡᠳ᠂  ᠠᠰᠠᠷᠠᠮᠵᠢ  ᠬᠠᠷᠠᠭᠠᠯᠵᠠᠯ ᠦᠭᠡᠢ ᠬᠡᠦᠬᠡᠳ ᠪᠠ ᠬᠦᠴᠢᠷᠳᠡᠯ ᠲᠤᠯᠭᠠᠷᠠᠭᠰᠠᠨ ᠬᠡᠦᠬᠡᠳ ᠲᠤ ᠬᠠᠤᠯᠢ ᠶᠢᠨ ᠬᠥᠮᠦᠵᠢᠯ ᠢ ᠬᠦᠷᠳᠡᠭᠡᠬᠦ ᠪᠠᠷ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号