ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠬᠡᠦᠬᠡᠳ ᠪᠠᠭᠠᠴᠤᠳ ᠲᠤ ᠬᠠᠶᠢᠷ᠎ᠠ ᠬᠠᠯᠠᠮᠵᠢ ᠬᠦᠷᠭᠡᠬᠦ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/26
    ᠣᠶᠢᠷ᠎ᠠ ᠳᠤ᠂  ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠣᠯᠣᠨ ᠰᠢᠩ ᠹᠦ᠋ ᠰᠢᠶᠠᠩ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ   ᠨᠢ ᠰᠢᠩ ᠹᠦ᠋ ᠰᠢᠶᠠᠩ ᠤᠨ ᠴᠥᠩ ᠭᠤᠸᠠᠩ ᠲᠣᠰᠬᠤᠨ ᠳᠤ  ᠵᠣᠨ ᠤ ᠠᠮᠠᠷᠠᠯᠲᠠ ᠶᠢᠨ ᠬᠤᠭᠤᠴᠠᠭᠠᠨ ᠤ ᠬᠡᠦᠬᠡᠳ ᠪᠠᠭᠠᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠠᠩ ᠣᠯᠠᠨ ᠭᠡᠷ ᠤᠨ ᠠᠬᠠᠮᠠᠳ ᠲᠤ ᠭᠡᠷ   ᠤᠨ ᠬᠥᠮᠦᠵᠢᠯ ᠤᠨ ᠴᠢᠬᠤᠯᠠ ᠴᠢᠨᠠᠷ ᠢ ᠤᠶᠢᠯᠠᠭᠠᠭᠤᠯᠤᠨ᠂ ᠭᠡᠷ ᠤᠨ ᠰᠤᠷᠭᠠᠯ ᠢ ᠡᠷᠬᠢᠮᠨᠡᠨ ᠤᠯᠠᠮᠵᠢᠯᠠᠬᠤ ᠰᠠᠶᠢᠨ ᠰᠠᠶᠢᠬᠠᠨ ᠬᠡᠪ ᠰᠤᠷᠲᠠᠯ ᠢ ᠬᠥᠮᠥᠵᠢᠭᠦᠯᠦᠨ ᠦᠢᠯᠡᠳᠦᠯᠭᠡᠵᠢᠭᠦᠯᠵᠡᠢ᠃ ᠠᠵᠢᠯᠯᠠᠭᠠᠨ ᠤ ᠳᠤᠮᠳᠠ᠂ ᠬᠡᠦᠬᠡᠳ ᠤᠳ ᠲᠤ ︽ᠰᠤᠷᠭᠠᠭᠤᠯᠢ ᠡᠬᠢᠯᠡᠬᠦ ᠳᠤ ᠭᠡᠷᠡᠭᠯᠡᠬᠦ ᠬᠠᠶᠢᠷ᠎ᠠ ᠬᠠᠯᠠᠮᠵᠢ ᠶᠢᠨ ᠪᠣᠭᠴᠣ︾  ᠂  ᠰᠢᠯᠢᠳᠡᠭ ᠰᠠᠶᠢᠨ ᠵᠠᠩ ᠮᠤᠷᠠᠯ ᠤᠨ ᠲᠤᠬᠠᠶᠢᠳᠠᠢ ᠨᠤᠮ ᠪᠢᠴᠢᠭ   ᠢ ᠭᠠᠷᠳᠠᠭᠤᠯᠤᠭᠰᠠᠨ ᠪᠦᠭᠡᠳ ᠬᠤᠰᠢᠭᠤᠨ ᠤ ᠲᠠᠪᠤᠳᠤᠭᠠᠷ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠰᠤᠷᠤᠭᠴᠢ  ᠹᠧᠩ ᠵᠢᠶᠠ ᠫᠢᠩ ᠠᠴᠠ ᠬᠤᠪᠢᠰᠬᠠᠯ ᠤᠨ ᠰᠣᠩᠭᠤᠳᠠᠭ ᠦᠯᠢᠭᠡᠷ ᠢ ᠤᠩᠰᠢᠵᠤ᠂  ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠵᠠᠮ ᠬᠠᠷᠢᠯᠴᠠᠭᠠᠨ ᠤ ᠶᠡᠭᠡ ᠠᠩᠭᠢ ᠶᠢᠨ ᠴᠠᠭᠳᠠᠭ᠎ᠠ ᠸᠠᠩ ᠵᠦᠩ  ᠠᠴᠠ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢ ᠤᠬᠠᠭᠤᠯᠤᠨ ᠲᠠᠶᠢᠯᠪᠤᠷᠢᠯᠠᠵᠤ᠂ ᠥᠪᠥᠷ ᠮᠣᠩᠭᠤᠯ ᠤᠨ ᠾᠧ ᠶᠤᠸᠠᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠯᠢ ᠵᠧᠨ ᠰᠢᠶᠠ ᠬᠠᠤᠯᠢᠴᠢ ᠠᠴᠠ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾   ᠶᠢᠨ ᠲᠤᠬᠠᠢ ᠤᠬᠠᠭᠤᠯᠭ᠎ᠠ ᠲᠠᠶᠢᠯᠤᠮᠵᠢ ᠬᠢᠵᠦ᠂  ︽ᠬᠠᠮᠤᠭ ᠤᠨ ᠭᠤᠶᠤ ᠭᠡᠷ ᠪᠦᠯᠢ︾ ᠶᠢᠨ ᠲᠥᠯᠥᠭᠡᠯᠡᠭᠴᠢ ᠯᠢ ᠶᠢᠨ ᠹᠠᠩ ᠠᠴᠠ ᠰᠢᠯᠢᠳᠡᠭ ᠰᠠᠶᠢᠬᠠᠨ ᠵᠠᠩ  ᠰᠤᠷᠳᠠᠯ ᠦᠢᠯᠡ ᠠᠵᠢᠯᠯᠠᠭ᠎ᠠ ᠠᠴᠠ ᠪᠠᠨ ᠬᠤᠪᠢᠶᠠᠯᠴᠠᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号