ᠲᠠᠶᠢᠹᠤᠰᠧ ᠬᠤᠰᠢᠭᠤ ᠭᠠᠴᠠᠭ᠎ᠠ ᠲᠤᠰᠬᠤᠨ ᠤ ᠨᠠᠮ ᠤᠨ ᠡᠬᠦᠷ ᠤᠨ ᠱᠦᠵᠢ ᠨᠠᠷ ᠤᠨ ︽ᠡᠷᠳᠡᠮ ᠠᠳᠠᠯᠢᠳᠬᠠᠵᠤ ᠤᠳᠤᠨ ᠪᠤᠯᠢᠶᠠᠯᠳᠤᠬᠤ︾  ᠤᠷᠤᠯᠳᠤᠭᠠᠨ ᠡᠷᠬᠢᠯᠡᠭᠰᠡᠨ
ᠨᠡᠶᠢᠲᠡᠯᠡᠭᠰᠡᠨ ᠴᠠᠭ᠄
2022/8/26
   8 ᠰᠠᠷ᠎ᠠ ᠶᠢᠨ 25 ᠤ ᠡᠳᠦᠷ᠂ ᠲᠠᠶᠢᠹᠤᠰᠧ ᠬᠤᠰᠢᠭᠤᠨ ᠤ ᠬᠢᠨ ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠠᠵᠢᠯ ᠤᠨ ︽ ᠡᠷᠳᠡᠮ ᠠᠳᠠᠯᠢᠳᠬᠠᠵᠤ ᠤᠳᠤᠨ ᠪᠤᠯᠢᠶᠠᠯᠳᠤᠬᠤ︾ ᠤᠷᠤᠯᠳᠤᠭᠠᠨ ᠡᠷᠭᠢᠯᠡᠪᠡ᠃ ᠬᠤᠰᠢᠭᠤᠨ ᠤ ᠤᠳᠤᠷᠢᠳᠤᠯᠭ᠎ᠠ ᠸᠠᠩ ᠸᠧᠢ ᠬᠤᠩ᠂ ᠬᠡᠰᠢᠭᠲᠦ᠂ ᠯᠢ ᠴᠦᠨ ᠭᠤᠸᠠᠩ᠂ ᠳ᠋ᠦ᠋ ᠸᠧᠢ᠂ ᠵᠣᠣ ᠬᠠᠢ ᠯᠢ᠂ ᠪᠠᠭᠠᠲᠤᠷ᠂ ᠦ᠋ ᠭᠤᠸᠠᠩ ᠹᠧᠩ᠂  ᠡᠷᠳᠡᠨᠢᠪᠠᠭᠠᠳᠤᠷ᠂ ᠴᠢᠨ ᠢ᠂ ᠯᠢᠦ ᠲᠢᠩ ᠰᠢᠸ᠂ ᠵᠣᠣ ᠶᠦᠩ ᠠᠬᠤᠢ ᠲᠠᠯᠠᠪᠠᠢ ᠳᠤ ᠬᠦᠷᠴᠦ ᠤᠷᠤᠯᠳᠤᠭᠠᠨ ᠢ ᠰᠤᠨᠢᠷᠬᠠᠵᠠᠢ᠃  ᠤᠷᠤᠯᠳᠤᠭᠠᠨ ᠡᠬᠢᠯᠡᠬᠦ ᠳᠤ᠂ 7 ᠰᠤᠮᠤ ᠰᠢᠶᠠᠩ ᠪᠠᠯᠭᠠᠰᠤᠨ ᠤ ᠨᠠᠮ ᠤᠨ  ᠬᠤᠷᠢᠶᠠᠨ ᠤ ᠱᠦᠵᠢ ᠲᠤᠰᠪᠤᠷᠢ  ᠢᠯᠡᠳᠬᠡᠯ ᠬᠢᠵᠦ᠂ ᠰᠤᠮᠤ ᠰᠢᠶᠠᠩ  ᠪᠠᠯᠭᠠᠰᠤᠨ ᠤ ᠨᠠᠮ ᠤᠨ ᠬᠤᠷᠢᠶᠠᠨ ᠤ ᠳᠠᠪᠬᠤᠷᠭ᠎ᠠ ᠠᠴᠠ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠠᠵᠢᠯ ᠤᠨ ᠦᠷ᠎ᠡ  ᠪᠦᠳᠦᠮᠵᠢ ᠪᠠᠨ ᠮᠡᠳᠡᠬᠦᠯᠪᠡ᠃ ᠳᠠᠷᠠᠭ᠎ᠠ ᠳᠤᠨᠢ᠂ ᠰᠤᠮᠤ ᠰᠢᠶᠠᠩ ᠪᠠᠯᠭᠠᠰᠤ ᠱᠠᠲᠤᠨ ᠤ ︽ᠡᠷᠳᠡᠮ ᠠᠳᠠᠯᠢᠳᠬᠠᠵᠤ ᠤᠳᠤᠨ ᠪᠤᠯᠢᠶᠠᠯᠳᠤᠬᠤ︾ ᠠᠵᠢᠯᠯᠠᠭᠠᠨ ᠤ ᠳᠤᠮᠳᠠ ᠴᠣᠯᠭᠤᠷᠠᠨ ᠭᠠᠷᠤᠭᠰᠠᠨ 14 ᠭᠠᠴᠠᠭ᠎ᠠ ᠲᠣᠰᠬᠤᠨ ᠤ ᠨᠠᠮ ᠤᠨ ᠡᠬᠦᠷ ᠤᠨ  ᠱᠦᠵᠢ   ᠠᠴᠠ ᠤᠬᠠᠭᠤᠯᠭ᠎ᠠ ᠶᠢᠨ ᠹᠢᠯᠢᠮ᠂ PPT ᠦᠵᠡᠭᠦᠯᠦᠯᠭᠡ ᠵᠡᠷᠭᠡ ᠠᠷᠭ᠎ᠠ ᠬᠡᠯᠪᠡᠷᠢ ᠪᠠᠷ  ︽ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠭᠤᠣᠯ ᠰᠡᠳᠦᠪ ᠤᠨ ᠲᠣᠭᠤᠷᠢᠨ ᠳᠤ ᠶᠠᠷᠢᠶ᠎ᠠ ᠢᠯᠡᠳᠬᠡᠯ ᠬᠢᠵᠦ᠂  ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ᠂ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ᠂  ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠭᠠᠴᠠᠭ᠎ᠠ ᠲᠤᠰᠬᠤᠨ ᠢ ᠪᠠᠶᠢᠭᠤᠯᠬᠤ᠂  ᠵᠠᠩ ᠰᠤᠷᠲᠠᠯ ᠢ ᠪᠣᠯᠪᠠᠰᠤᠨ ᠪᠤᠯᠭᠠᠬᠤ᠂ ᠬᠥᠳᠡᠭᠡ ᠲᠣᠰᠬᠤᠨ ᠤ ᠵᠠᠰᠠᠯᠲᠠ ᠵᠡᠷᠭᠡ ᠲᠠᠯ᠎ᠠ ᠪᠠᠷ ᠠᠵᠢᠯ ᠤᠨ ᠠᠮᠵᠢᠯᠳᠠ ᠪᠠᠨ ᠲᠡᠯᠬᠡᠨ ᠦᠵᠡᠬᠦᠯᠵᠡᠢ᠃  ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ᠂ ᠯᠥᠸᠧ  ᠲᠦᠸᠧ ᠱᠠᠨ ᠪᠠᠯᠭᠠᠰᠤᠨ ᠤ ᠾᠧᠢ ᠴᠢᠦᠢ ᠱᠠᠨ ᠲᠣᠰᠬᠤᠨ ᠤ ᠨᠠᠮ ᠤᠨ ᠡᠭᠦᠷ ᠤᠨ ᠱᠦᠵᠢ ᠭᠤᠣ ᠵᠢᠶᠦ᠋ᠨ ᠰᠦᠸᠧ ᠨᠢᠭᠡᠳᠦᠭᠡᠷ ᠳᠡᠰ ᠲᠤ ᠰᠢᠯᠭᠠᠷᠠᠨ᠂  ᠬᠦᠨᠪᠤᠯᠠᠭ ᠰᠤᠮᠤᠨ ᠤ  ᠱᠢᠪᠠᠷᠳᠤ ᠭᠠᠴᠠᠭᠠᠨ ᠤ ᠨᠠᠮ ᠤᠨ ᠡᠭᠦᠷ ᠤᠨ ᠱᠦᠵᠢ ᠪᠦᠷᠬᠦᠳ᠂  ᠡᠮᠦᠨ᠎ᠡ ᠸᠠᠶᠤᠤ  ᠭᠠᠴᠠᠭᠠᠨ ᠤ ᠨᠠᠮ ᠤᠨ ᠡᠭᠦᠷ ᠤᠨ ᠱᠦᠵᠢ ᠪᠠᠭᠠᠲᠤᠷ ᠬᠤᠶᠠᠳᠤᠭᠠᠷ ᠳᠡᠰ ᠲᠤ ᠲᠤᠳᠤᠷᠠᠵᠤ᠂ ᠴᠢᠶᠠᠨ ᠶᠢᠨ ᠭᠧᠦ ᠪᠠᠯᠭᠠᠰᠤᠨ ᠤ ᠲᠸᠦ ᠬᠤᠤ ᠲᠣᠰᠬᠤᠨ ᠤ ᠨᠠᠮ ᠤᠨ ᠡᠭᠦᠷ ᠤᠨ ᠱᠦᠵᠢ ᠯᠢᠦᠢ ᠶᠦᠨ ᠰᠢᠶᠠ᠂ ᠶᠦᠩ ᠹᠧᠩ ᠪᠠᠯᠭᠠᠰᠤᠨ ᠤ  ᠮᠠᠨ ᠲᠸᠦ ᠭᠸᠦ ᠲᠣᠰᠬᠤᠨ ᠤ ᠨᠠᠮ ᠤᠨ ᠡᠭᠦᠷ ᠤᠨ ᠱᠦᠵᠢ ᠹᠧᠩ ᠶᠦᠩ᠂ ᠰᠢᠩ ᠹᠦ᠋ ᠰᠢᠶᠠᠩ ᠤᠨ ᠶᠦᠩ ᠸᠠᠩ ᠲᠣᠰᠬᠤᠨ ᠤ ᠨᠠᠮ ᠤᠨ ᠡᠭᠦᠷ ᠤᠨ ᠱᠦᠵᠢ ᠵᠢᠶᠠ ᠳ᠋ᠦᠩ ᠱᠧᠩ ᠭᠤᠷᠪᠠᠳᠤᠭᠠᠷ ᠳᠡᠰ ᠤᠨ ᠱᠠᠩᠨᠠᠯ ᠢ ᠬᠦᠷᠳᠡᠭᠡᠳ᠂  8  ᠨᠠᠮ ᠤᠨ ᠡᠬᠦᠷ ᠤᠨ ᠱᠦᠵᠢ ᠰᠢᠯᠢᠳᠡᠭ   ᠤᠨ ᠪᠠᠶᠢᠷᠢ ᠳᠤ ᠵᠢᠬᠰᠠᠪᠠ᠃  ᠡᠶᠢᠨ ᠬᠦ᠋᠂ ᠭᠠᠴᠠᠭ᠎ᠠ ᠲᠤᠰᠬᠤᠨ ᠤ  ᠨᠠᠮ ᠤᠨ ᠡᠬᠦᠷ ᠤᠨ ᠱᠦᠵᠢ ᠨᠠᠷ ᠨᠢᠭᠡ ᠲᠠᠪᠴᠠᠩ ᠳᠤ ᠡᠷᠳᠡᠮ ᠢᠶᠠᠨ ᠠᠳᠠᠯᠢᠳᠬᠠᠵᠤ᠂ ᠨᠢᠬᠡ ᠲᠠᠯᠠᠪᠤᠷ ᠲᠤ ᠴᠢᠳᠠᠪᠤᠷᠢ ᠪᠠᠨ ᠬᠠᠷᠠᠭᠤᠯᠬᠤ ᠪᠠᠷ ᠲᠠᠮᠵᠢᠭᠠᠳ᠂  ᠵᠥᠷᠢᠶ᠎ᠡ ᠪᠠᠨ ᠡᠷᠢᠵᠦ  ᠲᠤᠳᠠᠭᠳᠠᠯ ᠢᠶᠠᠨ ᠨᠦᠬᠦᠪᠦᠷᠢᠯᠡᠨ᠂  ᠡᠷᠳᠡᠮ ᠴᠢᠳᠠᠪᠤᠷᠢ ᠪᠠᠨ ᠤᠯᠠᠮ ᠲᠡᠬᠦᠯᠳᠡᠷᠵᠢᠬᠦᠯᠦᠭᠰᠡᠨ ᠪᠠᠶᠢᠨ᠎ᠠ  ᠃ ︽ᠡᠨᠡ ᠤᠳᠠᠭᠠᠨ ᠤ ᠮᠥᠷᠥᠶᠢᠴᠡᠭᠡᠨ ᠳᠤ ᠤᠷᠤᠯᠴᠠᠭᠠᠳ  ᠪᠤᠰᠤᠳ ᠭᠠᠴᠠᠭ᠎ᠠ ᠲᠣᠰᠬᠤᠨ ᠯᠤᠭ᠎ᠠ ᠶᠢᠨ ᠵᠥᠷᠢᠶ᠎ᠡ ᠪᠠᠨ ᠲᠠᠨᠢᠵᠤ᠂ ᠰᠠᠶᠢᠨ ᠠᠷᠭ᠎ᠠ ᠲᠤᠷᠰᠢᠯᠭ᠎ᠠ ᠶᠢ ᠰᠤᠷᠴᠤ ᠦᠪᠯᠡᠨ᠂ ᠦᠪᠡᠷ ᠤᠨ ᠬᠡᠪ ᠴᠢᠨᠠᠷ ᠢᠶᠠᠨ ᠳᠡᠭᠡᠭᠰᠢᠯᠡᠭᠦᠯᠵᠡᠢ᠂ ᠬᠤᠶᠢᠰᠢᠳᠠ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠤᠨ ᠠᠵᠢᠯ  ᠢ ᠤᠯᠠᠮ ᠰᠠᠶᠢᠨ ᠬᠢᠵᠦ  ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ  ᠠᠬᠢᠭᠤᠯᠬᠤ ᠳᠤ ᠨᠡᠩ ᠶᠡᠭᠡ ᠬᠤᠪᠢ ᠨᠡᠮᠡᠷᠢ  ᠦᠵᠡᠬᠦᠯᠬᠦ ᠪᠠᠷ ᠴᠢᠷᠮᠠᠶᠢᠨ᠎ᠠ︾  ᠭᠡᠵᠦ ᠤᠷᠤᠯᠳᠤᠭᠠᠨ ᠳᠤ ᠤᠷᠤᠯᠴᠠᠭᠰᠠᠨ ᠨᠠᠮ ᠤᠨ ᠡᠬᠦᠷ ᠤᠨ ᠱᠦᠵᠢ ᠨᠠᠷ ᠢᠯᠡᠷᠭᠡᠶᠢᠯᠡᠵᠡᠭᠡᠨ᠎ᠡ᠃  ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ  ᠤᠨ ᠤᠳᠤᠷᠢᠳᠬᠤ ᠳᠤᠭᠤᠶᠢᠯᠠᠩ ᠤᠨ  ᠭᠡᠰᠢᠬᠦᠳ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂  ᠪᠥᠬᠦ ᠬᠤᠰᠢᠭᠤᠨ ᠤ 176 ᠭᠠᠴᠠᠭ᠎ᠠ ᠲᠣᠰᠬᠤᠨ ᠤ ᠨᠠᠮ ᠤᠨ ᠡᠬᠦᠷ ᠤᠨ ᠱᠦᠵᠢ᠂  ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠤᠷᠤᠯᠳᠤᠭᠠᠨ ᠢ ᠰᠣᠨᠢᠷᠬᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号