ᠳ᠋ᠠᠢ ᠭᠦᠸᠧ ᠵᠥᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ︽ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2022/8/29
   8 ᠰᠠᠷ᠎ᠠ ᠶᠢᠨ 26 ᠤ ᠡᠳᠦᠷ᠂ ᠠᠶᠢᠮᠠᠭ ᠤᠨ ᠨᠠᠮ ᠤᠨ  ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠳ᠋ᠠᠢ ᠭᠦᠸᠧ ᠵᠥᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ︽ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃   ᠪᠤᠤᠴᠠᠩ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠦᠭᠡᠳ ᠳ᠋ᠠᠢ ᠭᠦᠸᠧ ᠵᠦᠩ ᠰᠤᠷᠭᠠᠭᠤᠯᠢ ᠶᠢᠨ ᠪᠦᠬᠦᠯᠢ ᠴᠣᠭᠴᠠ ᠶᠢᠨ ᠣᠷᠴᠢᠨ ᠲᠣᠭᠤᠷᠢᠨ ᠢ ᠲᠣᠭᠤᠷᠢᠨ ᠦᠵᠡᠵᠦ᠂  ᠵᠢᠭᠠᠨ ᠰᠤᠷᠭᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠨ᠂ ︽ᠨᠡᠷᠡᠳᠦ ᠪᠠᠭᠰᠢ ᠶᠢᠨ ᠠᠵᠢᠯᠯᠠᠬᠤ ᠲᠠᠰᠤᠭ︾  ᠤᠨ ᠠᠵᠢᠯᠯᠠᠭᠠᠨ ᠤ ᠪᠠᠶᠢᠳᠠᠯ ᠢ ᠤᠶᠢᠯᠠᠭᠠᠭᠰᠠᠨ ᠤ ᠲᠠᠷᠠᠭ᠎ᠠ᠂ ︽ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠤᠨ ᠪᠠᠶᠢᠭᠤᠯᠤᠯᠲᠠ ᠪᠣᠯ ᠨᠠᠷᠠᠲᠤ ᠪᠠᠭᠰᠢ ᠶᠢ ᠬᠥᠮᠥᠵᠢᠭᠦᠯᠬᠦ ᠢᠨᠵᠧᠨᠧᠷᠢᠩ ᠤᠨ ᠬᠦᠴᠦᠲᠡᠢ ᠭᠠᠷᠳᠠᠴᠠ ᠮᠥᠨ᠂ ᠡᠯ᠎ᠡ ᠭᠠᠵᠠᠷ ᠡᠯ᠎ᠡ ᠱᠠᠲᠤᠨ ᠤ ᠬᠢᠨ ᠵᠣᠭᠰᠣᠴᠠ ᠪᠠᠨ ᠳᠡᠭᠡᠭᠰᠢᠯᠡᠭᠦᠯᠵᠦ᠂ ︽ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠢ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠣᠨᠣᠪᠴᠢᠲᠠᠶ ᠡᠵᠡᠮᠰᠢᠨ᠂ ᠠᠵᠢᠯᠯᠠᠬᠤ ᠲᠠᠰᠤᠭ ᠤᠨ ᠡᠯ᠎ᠡ ᠲᠦᠷᠦᠯ ᠤᠨ ᠠᠵᠢᠯ ᠢ ᠬᠠᠯᠠᠮᠵᠢᠯᠠᠨ ᠳᠡᠮᠵᠢᠵᠦ᠂ ᠡᠯ᠎ᠡ ᠲᠠᠯ᠎ᠠ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠠᠵᠢᠯᠯᠠᠬᠤ ᠲᠠᠰᠤᠭ ᠤᠨ ᠬᠡᠪ ᠤᠨ ᠠᠵᠢᠯᠯᠠᠭ᠎ᠠ ᠶᠢ ᠪᠥᠬᠦ ᠬᠦᠴᠦᠨ ᠢᠶᠠᠷ ᠪᠠᠲᠤᠯᠠᠬᠤ ᠬᠡᠷᠡᠭᠲᠡᠢ᠃ ᠡᠯ᠎ᠡ ᠠᠵᠢᠯᠯᠠᠬᠤ ᠲᠠᠰᠤᠭ ᠨᠢ ᠦᠢᠯᠡᠳᠦᠯ ᠴᠢᠳᠠᠮᠵᠢ   ᠪᠠᠨ ᠭᠦᠢᠴᠡᠳ ᠪᠠᠳᠠᠷᠠᠭᠤᠯᠵᠤ᠂  ᠰᠡᠳᠬᠢᠴᠡ ᠪᠠ ᠠᠷᠭ᠎ᠠ ᠵᠠᠮ ᠢᠶᠠᠨ ᠥᠷᠭᠡᠳᠬᠡᠨ᠂ ᠰᠣᠯᠢᠯᠴᠠᠭ᠎ᠠ ᠪᠠᠨ ᠴᠢᠩᠭᠠᠳᠬᠠᠵᠤ᠂ ᠣᠷᠣᠨ ᠨᠤᠲᠤᠭ ᠤᠨ ᠪᠠᠭᠰᠢ ᠶᠢᠨ  ᠡᠩᠨᠡᠭᠡᠨ ᠤ  ᠪᠦᠳᠦᠬᠡᠨ ᠪᠠᠶᠢᠭᠤᠯᠤᠯᠲᠠ ᠶᠢ ᠲᠠᠶᠢᠴᠢᠯᠠᠨ᠂ ᠣᠷᠣᠨ ᠨᠤᠲᠤᠭ ᠤᠨ ᠰᠤᠷᠭᠠᠨ ᠬᠥᠮᠦᠵᠢᠯ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂  ᠪᠤᠤᠴᠠᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号