ᠠᠶᠢᠮᠠᠭ ᠤᠨ ᠡᠪᠯᠡᠯ ᠤᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2022/8/29
  8 ᠰᠠᠷ᠎ᠠ ᠶᠢᠨ 25 ᠤ ᠡᠳᠦᠷ ᠠᠴᠠ 26 ᠤ ᠡᠳᠦᠷ ᠪᠤᠯᠳᠠᠯ᠎ᠠ᠂ ᠠᠶᠢᠮᠠᠭ ᠤᠨ ᠡᠪᠯᠡᠯ ᠤᠨ ᠬᠤᠷᠢᠶᠠᠨ ᠤ ᠳᠡᠳ᠋ ᠱᠦᠵᠢ  ᠬᠤᠩᠭᠤᠷ ᠵᠡᠷᠭᠡ ᠬᠦᠮᠦᠰ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂ ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ᠂ ᠰᠠᠶᠢᠨ ᠳᠤᠷ᠎ᠠ ᠶᠢᠨ ᠦᠢᠯᠡᠴᠢᠯᠡᠭᠡ᠂ ᠰᠤᠷᠭᠠᠭᠤᠯᠢ ᠶᠢᠨ ᠬᠦᠷᠢᠶᠡᠨ ᠤ ᠡᠪᠯᠡᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠲᠠᠶᠢᠹᠤᠰᠧ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ᠂ ᠪᠤᠤᠴᠠᠩ ᠨᠢᠭᠡᠳᠦᠭᠡᠷ ᠳᠤᠮᠳᠠᠳᠤ ᠰᠤᠷᠭᠠᠭᠤᠯᠢ᠂ ᠵᠠᠯᠠᠭᠤᠴᠤᠳ ᠪᠠᠭᠠᠴᠤᠳ ᠤᠨ ᠬᠦᠳᠡᠯᠪᠦᠷᠢ ᠶᠢᠨ ᠲᠥᠪ ᠲᠤ ᠭᠦᠨᠵᠡᠭᠡᠶᠢᠷᠡᠵᠦ᠂  ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ᠂  ᠡᠪᠯᠡᠯ ᠤᠨ ᠭᠡᠰᠢᠭᠦᠨ ᠡᠯᠰᠡᠬᠦ ᠠᠵᠢᠯ ᠵᠢᠴᠢ ᠳᠤᠮᠳᠠᠳᠤ ᠰᠤᠷᠭᠠᠭᠤᠯᠢ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠣᠶᠢᠯᠠᠭᠠᠭᠰᠠᠨ ᠪᠥᠭᠡᠳ ᠵᠢᠯᠤᠭᠤᠳᠬᠤ ᠰᠠᠨᠠᠯ ᠢᠶᠠᠨ ᠳᠤᠷᠠᠳᠴᠠᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠵᠢᠶᠠᠨ ᠰᠢᠩ ᠨᠡᠶᠢᠭᠡᠮ ᠲᠣᠭᠤᠷᠢᠭ ᠤᠨ ᠡᠪᠯᠡᠯ ᠤᠨ ᠡᠭᠦᠷ᠂ ᠭᠠᠯ ᠤᠨᠲᠠᠷᠠᠭᠠᠬᠤ ᠠᠩᠭᠢ ᠶᠢᠨ ᠡᠪᠯᠡᠯ ᠤᠨ ᠡᠭᠦᠷ ᠪᠣᠯᠣᠨ ᠪᠢᠶᠠᠨ ᠴᠢᠶᠠᠩ ᠲᠣᠰᠬᠤᠨ᠂  ᠲᠠᠶᠢᠹᠤᠰᠧ ᠬᠤᠰᠢᠭᠤᠨ ᠤ ᠡᠯᠧᠺᠲᠷᠣᠨ ᠬᠤᠳᠠᠯᠳᠤᠭᠠᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠡᠪᠯᠡᠯ ᠤᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠰᠢᠯᠢᠳᠡᠭ ᠵᠠᠯᠠᠭᠤᠴᠤᠳ ᠢ ᠨᠠᠮ ᠳᠤ  ᠡᠯᠰᠡᠬᠦ ᠵᠢᠴᠢ ᠰᠤᠷᠭᠠᠭᠤᠯᠢ ᠶᠢᠨ ᠭᠠᠳᠠᠨᠠᠬᠢ ᠬᠥᠮᠦᠵᠢᠯ ᠦᠢᠯᠡᠳᠦᠯᠭᠡ  ᠶᠢᠨ ᠠᠵᠢᠯ ᠢ ᠵᠢᠭᠠᠨ ᠵᠢᠯᠤᠭᠤᠳᠤᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠦᠨᠳᠦᠰᠦᠨ ᠱᠠᠲᠤᠨ ᠤ ᠡᠪᠯᠡᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠶᠢ ᠳᠡᠭᠡᠭᠰᠢᠯᠡᠭᠦᠯᠬᠦ ᠣᠨ︾ ᠤ ᠱᠠᠭᠠᠷᠳᠠᠯᠭ᠎ᠠ ᠶᠣᠰᠣᠭᠠᠷ᠂ ᠡᠯ᠎ᠡ  ᠬᠦᠷᠢᠶ᠎ᠡ ᠴᠠᠷᠠᠭ᠎ᠠ ᠳᠤ ᠡᠪᠯᠡᠯ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ᠂  ᠨᠡᠷᠡᠳᠦ ᠲᠡᠮᠳᠡᠭ ᠤᠨ ᠲᠦᠷᠦᠯ ᠵᠦᠢᠯ ᠢ ᠢᠳᠡᠪᠬᠢᠲᠡᠢ ᠡᠭᠦᠳᠴᠦ᠂ ᠦᠨᠳᠦᠰᠦᠨ ᠱᠠᠲᠤ ᠶᠢ  ᠴᠢᠩᠭ᠎ᠠ ᠠᠳᠬᠤᠬᠤ ᠪᠠᠷ ᠤᠳᠤᠷᠢᠳᠤᠮᠵᠢ ᠪᠣᠯᠭᠠᠨ᠂ ︽ᠨᠢᠭᠡ ᠦᠷᠳᠡᠭᠡ ᠬᠤᠶᠠᠷ ᠬᠤᠯᠪᠣᠭ᠎ᠠ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠵᠠᠯᠠᠭᠤᠴᠤᠳ ᠢ ᠨᠠᠮ ᠳᠤ ᠡᠯᠰᠡᠬᠦ ᠠᠵᠢᠯ ᠢ ᠤᠯᠠᠮ ᠢᠯᠡᠬᠦᠦ ᠭᠦᠨᠵᠡᠭᠡᠶᠢᠷᠡᠭᠦᠯᠦᠨ ᠨᠠᠷᠢᠯᠢᠭᠵᠢᠭᠤᠯᠵᠤ᠂ ᠵᠠᠯᠠᠭᠤᠴᠤᠳ ᠲᠠᠢ ᠬᠠᠷᠢᠴᠠᠬᠤ ᠪᠠᠨ ᠤᠯᠠᠮ ᠴᠢᠩᠭᠠᠳᠬᠠᠨ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠪᠠ ᠨᠢᠭᠲᠠᠷᠠᠭᠤᠯᠬᠤ ᠬᠦᠴᠦᠨ ᠢ ᠴᠢᠩᠭᠠᠳᠬᠠᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠳᠠᠬᠢ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠪᠠᠶᠢᠭᠤᠯᠤᠮᠵᠢ ᠲᠣᠭᠲᠠᠴᠠ ᠪᠣᠯᠣᠨ ᠨᠡᠶᠢᠭᠡᠮᠴᠢᠯᠡᠭᠰᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂  ᠳᠤᠮᠳᠠᠳᠤ ᠰᠤᠷᠭᠠᠭᠤᠯᠢ ᠶᠢᠨ ᠡᠪᠯᠡᠯ ᠤᠨ  ᠪᠠᠶᠢᠭᠤᠯᠤᠯᠲᠠ ᠶᠢ ᠦᠷᠭᠦᠯᠵᠢᠯᠡᠨ  ᠠᠬᠢᠭᠤᠯᠵᠤ᠂ ᠡᠪᠯᠡᠯ ᠤᠨ ᠠᠵᠢᠯᠳᠠᠨ ᠤ ᠪᠣᠯᠪᠠᠰᠤᠷᠠᠯ ᠢ ᠴᠢᠩᠭᠠᠳᠬᠠᠨ᠂  ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠲᠥᠯᠥᠨ ᠳᠠᠭᠠᠭᠤᠯᠬᠤ ᠬᠦᠴᠦᠨ ᠢ ᠴᠢᠩᠭᠠᠷᠠᠭᠤᠯᠬᠤ ᠬᠡᠷᠡᠭᠲᠡᠢ᠃ ᠰᠠᠶᠢᠨ ᠳᠤᠷ᠎ᠠ ᠶᠢᠨ ᠦᠢᠯᠡᠴᠢᠯᠡᠭᠡᠨ ᠤ  ᠨᠡᠷᠡᠳᠦ ᠲᠡᠮᠳᠡᠭ ᠢ ᠢᠳᠡᠪᠬᠢᠲᠡᠢ ᠡᠬᠦᠳᠦᠨ᠂ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠨᠥᠭᠡᠴᠡᠯᠡᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠷᠭᠡᠨ ᠤᠯᠠᠨ ᠵᠠᠯᠠᠭᠤᠴᠤᠳ ᠲᠠᠢ ᠬᠠᠷᠢᠯᠴᠠᠬᠤ ᠳᠠᠪᠠᠭᠤᠯᠢᠭ ᠢ  ᠠᠰᠢᠭᠯᠠᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠶᠡᠭᠡ ᠲᠠᠯ᠎ᠠ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号