8 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠴᠡᠭ ᠲᠤᠭᠳᠠᠭᠠᠵᠤ ᠬᠠᠪᠰᠤᠷᠤᠨ ᠲᠡᠳᠬᠦᠬᠦ ᠠᠯᠪᠠᠨ ᠭᠡᠷ | ᠂ ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠭᠡᠳ ᠴᠢᠩᠬᠤᠸᠠ ᠶᠡᠭᠡ | ᠰᠤᠷᠭᠠᠭᠤᠯᠢ ᠶᠢᠨ ᠮᠠᠲ᠋ᠧᠷᠢᠶᠠᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠶᠠᠩ ᠶᠢᠨ ᠯᠦᠩ ᠤᠨ ᠰᠤᠳᠤᠯᠭᠠᠨ ᠤ | ᠳᠤᠭᠤᠶᠢᠯᠠᠩ ᠤᠨ ᠬᠢᠨ ᠲᠢᠶᠠᠨᠵᠢᠨ ᠤ ᠲᠠᠢ ᠳ᠋ᠠ ᠨᠣᠭᠤᠭᠠᠷᠠᠭᠤᠯᠤᠯᠲᠠ ᠶᠢᠨ ᠮᠡᠷᠭᠡᠵᠢᠯ ᠤᠨ ᠪᠦᠯᠦᠭᠯᠡᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠰᠢᠨᠵᠢᠯᠡᠨ ᠪᠠᠶᠢᠴᠠᠭᠠᠬᠤ | ᠳᠤᠭᠤᠶᠢᠯᠠᠩ ᠤᠨ ᠬᠢᠨ ᠤᠷᠢᠳ ᠬᠤᠵᠢᠳ ᠲᠢᠶᠠᠨᠵᠢᠨ ᠬᠤᠳᠠ ᠶᠢᠨ ᠬᠤᠵᠢᠷ ᠲᠤ ᠲᠡᠰᠪᠦᠷᠢᠲᠡᠢ ᠤᠷᠭᠤᠮᠠᠯ ᠤᠨ | ᠦᠷ᠎ᠡ ᠶᠢᠨ ᠬᠥᠮᠥᠷᠭᠡ᠂ ᠲᠤᠮᠳᠠᠳᠤ ᠺᠠᠨᠠᠳᠠ ᠶᠢᠨ ᠡᠮ ᠤᠨ ᠦᠢᠯᠡᠰ ︱ ᠤᠳᠤ ᠦᠶ᠎ᠡ ᠶᠢᠨ ᠬᠢᠲᠠᠳ ᠡᠮ ᠤᠨ | ᠠᠵᠤ ᠦᠢᠯᠡᠰ ᠤᠨ ᠬᠦᠷᠢᠶᠡᠯᠡᠩ᠂ ᠳᠤᠮᠳᠠᠳᠤ ᠰᠢᠩᠭᠠᠫᠤᠷ ᠤᠨ ᠠᠮᠢ ᠠᠬᠤᠢ ᠶᠢᠨ ᠬᠤᠳᠠ ︱ ᠳᠤᠮᠳᠠᠳᠤ | ᠺᠠᠨᠠᠳᠠ ᠶᠢᠨ ᠬᠠᠮᠲᠤᠷᠠᠯᠴᠠᠭᠠᠨ ᠤ ᠦᠵᠡᠭᠦᠯᠦᠯᠭᠡ ᠶᠢᠨ ᠲᠣᠭᠤᠷᠢᠭ᠂ ᠳᠤᠮᠳᠠᠳᠤ ᠰᠢᠩᠭᠠᠫᠤᠷ ᠤᠨ ᠠᠮᠢ ᠠᠬᠤᠢ ᠶᠢᠨ | ᠬᠤᠳᠠ ᠶᠢᠨ ᠬᠦᠨᠳᠦ ᠬᠤᠵᠢᠷᠯᠢᠭ ᠣᠷᠣᠨ ᠤ ᠨᠣᠭᠤᠭᠠᠷᠠᠭᠤᠯᠤᠯᠲᠠ ᠶᠢᠨ ᠲᠠᠯᠠᠪᠠᠢ᠂ ᠢᠦᠢ ᠵᠢᠶᠠ ᠪᠦᠦ ᠶᠢᠨ ᠪᠢᠩ | ᠾᠧ ᠬᠤᠳᠠ ᠶᠢᠨ ᠨᠣᠭᠤᠭᠠᠷᠠᠭᠤᠯᠤᠯᠲᠠ ᠶᠢᠨ ᠲᠠᠯᠠᠪᠠᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ | 26 ᠤ ᠡᠳᠦᠷ᠂ ᠲᠠᠢ ᠳ᠋ᠠ ᠪᠦᠯᠦᠭᠯᠡᠯ ᠪᠠ ᠲᠠᠶᠢᠹᠤᠰᠧ ᠬᠤᠰᠢᠭᠤᠨ ᠤ ᠬᠢᠨ ᠬᠡᠯᠡᠯᠴᠡᠭᠡᠷ ᠲᠤᠭᠳᠠᠵᠤ ᠭᠠᠷ ᠤᠨ | ᠦᠰᠦᠭ ᠵᠢᠷᠤᠬᠤ ᠶᠣᠰᠣᠯᠠᠯ ᠶᠠᠪᠤᠭᠤᠯᠪᠠ᠃ ᠵᠤᠤ ᠹᠧᠢ ᠫᠧᠩ ᠪᠠᠶᠠᠷ ᠤᠨ ᠦᠭᠡ ᠬᠡᠯᠡᠬᠦ ᠳᠡᠭᠡᠨ᠂ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠬᠠᠪᠰᠤᠷᠤᠯᠭ᠎ᠠ ᠳᠡᠮᠵᠢᠯᠭᠡ ᠪᠠ ᠴᠢᠩᠬᠤᠸᠠ | ᠶᠡᠭᠡ ᠰᠤᠷᠭᠠᠭᠤᠯᠢ ᠶᠢᠨ ᠮᠡᠷᠭᠡᠵᠢᠯ ᠤᠨ ᠳᠡᠮᠵᠢᠯᠭᠡ ᠳᠣᠣᠷ᠎ᠠ᠂ ᠲᠠᠶᠢᠹᠤᠰᠧ ᠬᠤᠰᠢᠭᠤ ᠨᠢ ᠲᠠᠢ ᠳ᠋ᠠ ᠪᠦᠯᠦᠭᠯᠡᠯ ᠲᠠᠢ | ᠭᠠᠵᠠᠷ ᠰᠢᠷᠣᠢ ᠰᠠᠶᠢᠵᠢᠷᠠᠭᠤᠯᠬᠤ ᠵᠡᠷᠭᠡ ᠲᠠᠯ᠎ᠠ ᠪᠠᠷ ᠠᠮᠵᠢᠯᠲᠠ ᠲᠠᠢ ᠲᠤᠷᠰᠢᠯᠲᠠ ᠬᠢᠵᠡᠢ᠃ ᠡᠨᠡ ᠤᠳᠠᠭᠠᠨ ᠤ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠢ ᠲᠣᠭᠲᠠᠭᠠᠭᠰᠠᠨ ᠨᠢ ᠬᠤᠶᠠᠷ ᠲᠠᠯ᠎ᠠ ᠶᠢᠨ ᠬᠤᠲᠠ | ᠪᠠᠯᠭᠠᠰᠤᠨ ᠤ ᠪᠠᠶᠢᠭᠤᠯᠤᠯᠲᠠ᠂ ᠠᠮᠢ ᠠᠬᠤᠢ ᠣᠷᠴᠢᠨ ᠲᠤᠭᠤᠷᠢᠨ᠂ ᠮᠡᠷᠭᠡᠵᠢᠯ ᠤᠨ ᠵᠥᠪᠯᠡᠯᠭᠡ᠂ | ᠭᠤᠣᠯᠳᠠᠯᠭ᠎ᠠ ᠲᠠᠢ ᠲᠥᠷᠥᠯ ᠵᠦᠢᠯ ᠵᠡᠷᠭᠡ ᠲᠠᠯ᠎ᠠ ᠶᠢᠨ ᠭᠦᠨᠵᠡᠭᠡᠢ ᠬᠠᠮᠲᠤᠷᠠᠯᠴᠠᠭ᠎ᠠ ᠶᠢ ᠴᠢᠨᠠᠭᠰᠢᠳᠠ ᠠᠬᠢᠭᠤᠯᠵᠤ᠂ | ᠰᠠᠶᠢᠨ ᠰᠠᠶᠢᠬᠠᠨ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠣᠯᠵᠤ ᠴᠢᠳᠠᠬᠤ ᠶᠤᠮ | ᠭᠡᠪᠡ᠃ ᠴᠧᠨ ᠶᠠᠨ ᠪᠦᠦ ᠲᠠᠶᠢᠹᠤᠰᠧ ᠬᠤᠰᠢᠭᠤᠨ ᠤ ᠵᠠᠰᠠᠭ ᠤᠨ ᠣᠷᠳᠣᠨ ᠢ ᠲᠦᠯᠦᠭᠡᠯᠡᠵᠦ ᠲᠠᠢ ᠳ᠋ᠠ ᠪᠦᠯᠦᠭᠯᠡᠯ | ᠤᠨ ᠬᠠᠷᠢᠶᠠᠨ ᠳᠠᠬᠢ ᠲᠢᠶᠠᠨᠵᠢᠨ ᠤ ᠬᠤᠲᠠ ᠬᠥᠳᠡᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ | ᠲᠣᠭᠲᠠᠪᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ᠂ | ᠴᠡᠭ ᠲᠤᠭᠳᠠᠭᠠᠵᠤ ᠬᠠᠪᠰᠤᠷᠤᠨ ᠲᠡᠳᠬᠦᠬᠦ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ | ᠡᠷᠬᠢᠯᠡᠭᠴᠢ ᠾᠧ ᠱᠤᠤ ᠷᠧᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶᠠᠨ | ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠦ ᠵᠢᠶᠧ ᠪᠢᠨ᠂ ᠴᠢᠩᠬᠤᠸᠠ ᠶᠡᠭᠡ ᠰᠤᠷᠭᠠᠭᠤᠯᠢ ᠶᠢᠨ | ᠮᠠᠲ᠋ᠧᠷᠢᠶᠠᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠶᠠᠩ ᠶᠢᠨ ᠯᠦᠩ᠂ ᠲᠠᠶᠢᠹᠤᠰᠧ ᠬᠤᠰᠢᠭᠤᠨ ᠤ ᠨᠠᠮ ᠤᠨ | ᠬᠤᠷᠢᠶᠠᠨ ᠤ ᠱᠦᠵᠢ ᠵᠣᠣ ᠹᠧᠢ ᠫᠧᠩ᠂ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ | ᠪᠦᠦ᠂ ᠳᠡᠳ᠋ ᠬᠤᠰᠢᠭᠤ ᠳᠠᠷᠤᠭ᠎ᠠ ᠯᠢ ᠵᠠᠨ ᠪᠦᠦ᠂ ᠰᠢᠦᠢ ᠢ ᠱᠢ ᠵᠢᠴᠢ ᠲᠢᠶᠠᠨᠵᠢᠨ ᠤ ᠲᠠᠢ ᠳ᠋ᠡ ᠪᠦᠯᠦᠭᠯᠡᠯ᠂ | ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠤᠢ | ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠭᠤᠣᠯ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |