ᠠᠶᠢᠮᠠᠭ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠦᠪᠯᠡᠯ ᠤᠨ ᠬᠢᠨ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠱᠠᠭᠠᠷᠳᠠᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2022/8/30
    ᠣᠶᠢᠷ᠎ᠠ ᠳᠤ᠂ ᠠᠶᠢᠮᠠᠭ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠵᠣᠣ ᠷᠦᠨ ᠬᠤᠸᠠᠨ  ᠪᠠᠶᠢᠴᠠᠭᠠᠬᠤ ᠪᠦᠯᠬᠦᠮ ᠳᠠᠭᠠᠭᠤᠯᠤᠨ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂  ᠡᠬᠡ ᠤᠷᠤᠨᠴᠢ  ᠡᠷᠡᠭᠦᠯ ᠬᠠᠮᠠᠭᠠᠯᠠᠯ ᠪᠠ ᠡᠷᠡᠭᠦᠯ ᠡᠩᠭᠡ ᠰᠢᠯᠢ ᠶᠢᠨ ᠭᠤᠣᠯ ᠠᠵᠢᠯᠯᠠᠭᠠᠨ ᠤ ᠠᠬᠢᠴᠠ ᠶᠢ ᠱᠠᠭᠠᠷᠳᠠᠨ ᠪᠠᠶᠢᠴᠠᠭᠠᠵᠠᠢ  ᠃   ᠪᠠᠶᠢᠴᠠᠭᠠᠬᠤ ᠳᠤᠭᠤᠶᠢᠯᠠᠩ ᠤᠨ ᠬᠢᠨ ᠪᠤᠤᠴᠠᠩ ᠪᠠᠯᠭᠠᠰᠤᠨ ᠤ ᠣᠷᠣᠵᠤ ᠭᠠᠷᠬᠤ ᠭᠤᠤᠯ ᠵᠠᠮ᠂ ᠴᠡᠴᠡᠷᠯᠢᠭ  ᠲᠠᠯᠠᠪᠠᠢ᠂ ᠲᠡᠯᠬᠡᠬᠦᠷ ᠬᠤᠳᠠᠯᠳᠤᠭ᠎ᠠ ᠵᠡᠷᠭᠡ ᠳᠤ ᠬᠦᠷᠴᠦ ᠲᠤᠰᠬᠠᠢ ᠲᠦᠷᠦᠯ ᠤᠨ ᠪᠠᠶᠢᠴᠠᠭᠠᠯᠲᠠ ᠬᠢᠭᠰᠡᠨ ᠪᠦᠭᠡᠳ ᠶᠠᠷᠢᠯᠴᠠᠬᠤ ᠬᠤᠷᠠᠯ ᠬᠢᠵᠦ᠂ ᠳᠡᠳ᠋ ᠬᠤᠰᠢᠭᠤ ᠳᠠᠷᠤᠭ᠎ᠠ ᠡᠷᠳᠡᠨᠢᠪᠠᠭᠠᠳᠤᠷ   ᠠᠴᠠ ᠱᠠᠭᠠᠷᠳᠠᠨ ᠪᠠᠶᠢᠴᠠᠭᠠᠬᠤ ᠳᠤᠭᠤᠶᠢᠯᠠᠩ ᠳᠤ ᠬᠠᠮᠢᠶ᠎ᠠ ᠪᠦᠬᠦᠢ ᠠᠵᠢᠯ ᠤᠨ ᠲᠤᠬᠠᠢ ᠬᠠᠷᠢᠭᠤ ᠮᠡᠳᠡᠬᠦᠯᠦᠯᠳᠡ ᠬᠢᠭᠰᠡᠨ ᠪᠠᠶᠢᠨ᠎ᠠ᠃ ᠬᠤᠷᠠᠯ ᠳᠡᠭᠡᠷ᠎ᠡ᠂ ᠵᠣᠣ ᠷᠦᠨ ᠬᠤᠸᠠᠨ ᠡᠨᠡ ᠤᠳᠠᠭᠠᠨ ᠤ ᠱᠠᠭᠠᠷᠳᠠᠨ ᠪᠠᠶᠢᠴᠠᠭᠠᠬᠤ ᠠᠵᠢᠯ ᠳᠤ ᠳ᠋ᠦᠩᠨᠡᠯᠳᠡ ᠬᠢᠭᠰᠡᠨ ᠤ ᠬᠠᠮᠳᠤ᠂  ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠷᠡᠭᠦᠯ ᠮᠡᠨᠳᠦ ᠪᠠ ᠡᠷᠡᠭᠦᠯ ᠬᠠᠮᠠᠭᠠᠯᠠᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠨ᠂  ᠵᠦᠷᠢᠶ᠎ᠡ ᠳᠤᠲᠠᠭᠳᠠᠯ ᠢᠶᠠᠨ ᠴᠠᠭ ᠲᠤᠬᠠᠢ ᠳᠤᠨᠢ ᠪᠠᠶᠢᠴᠠᠭᠠᠨ ᠨᠥᠬᠦᠪᠦᠷᠢᠯᠡᠵᠦ᠂ ᠨᠢᠭᠡ ᠠᠴᠠ ᠵᠦᠢᠴᠢᠯᠡᠵᠦ ᠨᠥᠬᠦᠭᠡ ᠶᠢ  ᠮᠡᠳᠡᠨ᠂ ᠥᠪᠡᠷ   ᠢ ᠪᠠᠨ ᠪᠠᠶᠢᠴᠠᠭᠠᠵᠤ ᠥᠪᠡᠷ   ᠢ ᠪᠠᠨ ᠵᠠᠯᠠᠷᠠᠭᠤᠯᠬᠤ ᠬᠡᠷᠡᠭᠲᠡᠢ᠃   ᠤᠬᠠᠭᠤᠯᠭ᠎ᠠ ᠶᠢᠨ ᠠᠵᠢᠯ ᠢ ᠰᠠᠶᠢᠨ ᠬᠢᠵᠦ ᠪᠠᠶᠢᠭᠠᠳ ᠤᠯᠠᠨ ᠲᠦᠮᠡᠨ ᠤ ᠡᠷᠡᠭᠦᠯ ᠬᠠᠮᠠᠭᠠᠯᠠᠯ ᠤᠨ ᠤᠬᠠᠮᠰᠠᠷ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ  ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠤᠢ  ᠪᠤᠯᠭᠠᠨ᠂ ᠤᠯᠠᠨ ᠲᠦᠮᠡᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠤᠷᠳᠤ  ᠬᠤᠭᠤᠴᠠᠭᠠᠨ ᠤ  ᠪᠦᠲᠦᠮᠵᠢᠲᠡᠢ ᠬᠠᠮᠢᠶᠠᠷᠤᠯᠳᠠ ᠶᠢ ᠭᠡᠷᠡᠭᠵᠢᠬᠦᠯᠵᠦ᠂ ᠪᠤᠳᠠᠳᠠᠢ ᠪᠠᠶᠢᠳᠠᠯ ᠢᠶᠠᠨ ᠦᠨᠳᠦᠰᠦᠯᠡᠨ᠂ ᠳᠦᠷᠢᠮ ᠤᠨ ᠪᠠᠶᠢᠭᠤᠯᠤᠯᠲᠠ ᠶᠢ ᠳᠠᠰᠤᠷᠠᠯᠳᠠ ᠦᠭᠡᠢ ᠴᠢᠩᠭᠠᠳᠬᠠᠵᠤ᠂ ᠠᠵᠢᠯ ᠤᠨ ᠳᠤᠮᠳᠠᠬᠢ ᠳᠤᠷ᠎ᠠ ᠵᠤᠷᠢᠭ ᠤᠨ ᠴᠢᠨᠠᠷ ᠪᠣᠯᠣᠨ ᠰᠣᠬᠤᠷ ᠪᠠᠯᠠᠢ ᠴᠢᠨᠠᠷ ᠢ  ᠲᠡᠪᠴᠢᠨ᠂ ᠡᠬᠡ ᠤᠷᠤᠨᠴᠢ ᠡᠷᠡᠭᠦᠯ ᠬᠠᠮᠠᠭᠠᠯᠠᠯ ᠪᠣᠯᠣᠨ ᠡᠷᠡᠭᠦᠯ ᠡᠩᠭᠡ ᠰᠢᠯᠢ ᠶᠢᠨ ᠭᠤᠣᠯ ᠠᠵᠢᠯᠯᠠᠭᠠᠨ ᠤ ᠤᠯᠠᠮ ᠢᠯᠡᠬᠦᠦ ᠲᠦᠷᠢᠮᠵᠢᠵᠦ  ᠵᠢᠷᠤᠮᠵᠢᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠡᠷᠳᠡᠨᠢᠪᠠᠭᠠᠳᠤᠷ  ᠪᠥᠬᠦ ᠬᠤᠰᠢᠭᠤᠨ ᠤ ᠡᠬᠡ ᠤᠷᠤᠨᠴᠢ ᠡᠷᠡᠭᠦᠯ ᠬᠠᠮᠠᠭᠠᠯᠠᠯ ᠪᠠ ᠡᠷᠡᠭᠦᠯ  ᠡᠩᠭᠡ ᠰᠢᠯᠢ ᠶᠢᠨ ᠭᠤᠣᠯ  ᠠᠵᠢᠯᠯᠠᠭᠠᠨ ᠤ  ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠳᠠ ᠬᠢᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号