ᠰᠢᠯᠤᠭᠤᠨ ᠬᠥᠬᠡ ᠬᠤᠰᠢᠭᠤᠨ ᠤ ᠬᠢᠨ ᠲᠠᠶᠢᠹᠤᠰᠧ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2022/8/30
    8 ᠰᠠᠷ᠎ᠠ ᠶᠢᠨ 29 ᠤ ᠡᠳᠦᠷ᠂ ᠰᠢᠯᠤᠭᠤᠨ ᠬᠦᠬᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ ᠤᠨ ᠲᠠᠭᠠᠭᠤᠯᠤᠭᠰᠠᠨ ᠰᠢᠨᠵᠢᠯᠡᠨ ᠪᠠᠶᠢᠴᠠᠭᠠᠬᠤ ᠪᠦᠯᠬᠦᠮ ᠲᠠᠶᠢᠹᠤᠰᠧ ᠬᠤᠰᠢᠭᠤᠨ ᠳᠤ ᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠤᠨ ᠲᠠᠯ᠎ᠠ ᠪᠠᠷ ᠰᠢᠨᠵᠢᠯᠡᠨ ᠪᠠᠶᠢᠴᠠᠭᠠᠵᠠᠢ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠶ ᠬᠤᠩ᠂   ᠳᠡᠳ᠋ ᠬᠤᠰᠢᠭᠤ ᠳᠠᠷᠤᠭ᠎ᠠ ᠯᠢ ᠵᠠᠨ ᠪᠦᠦ  ᠰᠢᠨᠵᠢᠯᠡᠨ ᠪᠠᠶᠢᠴᠠᠭᠠᠬᠤ ᠳᠤ ᠪᠠᠷ᠎ᠠ ᠪᠤᠯᠵᠤ ᠣᠷᠣᠯᠴᠠᠪᠠ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ᠂ ᠰᠠᠨ ᠶᠦᠩ ᠲᠣᠰᠬᠤᠨ᠂ ᠴᠢᠶᠠᠨ ᠶᠢᠨ ᠭᠸᠤ ᠪᠠᠯᠭᠠᠰᠤᠨ ᠤ ᠳ᠋ᠠ ᠭᠧ ᠳ᠋ᠦᠩ ᠲᠣᠰᠬᠤᠨ᠂ ᠰᠠᠨ ᠵᠢᠶᠧ ᠲᠣᠰᠬᠤᠨ᠂ ᠯᠢᠨ ᠲᠠᠨ ᠲᠣᠰᠬᠤᠨ᠂ ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ ᠳᠤ ᠬᠦᠷᠴᠦ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ᠂  ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ ᠲᠦᠷᠦᠯ ᠵᠦᠢᠯ  ᠂ ᠲᠥᠮᠥᠰᠥ ᠬᠠᠳᠠᠭᠠᠯᠠᠬᠤ ᠪᠠ ᠤᠬᠢᠶᠠᠵᠤ ᠴᠡᠪᠡᠷᠯᠡᠬᠦ  ᠦᠢᠯᠡᠳᠪᠦᠷᠢ ᠶᠢᠨ ᠲᠠᠰᠤᠭ ᠂ ᠨᠡᠷᠡᠨ ᠬᠤᠸᠠᠷ ᠬᠠᠳᠠᠭᠠᠵᠤ ᠬᠠᠭᠤᠷᠬᠤ ᠦᠢᠯᠡᠳᠪᠦᠷᠢ ᠶᠢᠨ ᠲᠠᠰᠤᠭ  ᠂ ᠢᠳᠡᠰᠢᠨ ᠨᠤᠭᠤᠭᠠᠨ ᠤ ᠬᠦᠯᠡᠮᠵᠢ  ᠂  ᠲᠠᠬᠢᠶ᠎ᠠ ᠲᠡᠵᠢᠬᠡᠬᠦ ᠲᠠᠯᠠᠪᠠᠢ᠂ ᠭᠦᠵᠡᠯᠵᠡᠭᠡᠨ᠎ᠡ ᠶᠢᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠵᠢᠴᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ︽ᠡᠷᠬᠢᠨ ᠬᠠᠷᠠᠬᠤ︾ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠦᠭᠡᠳ ᠲᠠᠨᠢᠯᠴᠠᠭᠤᠯᠭ᠎ᠠ ᠶᠢ ᠰᠣᠨᠣᠰᠬᠤ᠂ ᠰᠠᠨᠠᠯ ᠢᠶᠠᠨ ᠰᠣᠯᠢᠯᠴᠠᠬᠤ ᠵᠡᠷᠭᠡ ᠬᠡᠯᠪᠡᠷᠢ ᠪᠠᠷ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ ᠵᠡᠷᠭᠡ ᠲᠠᠯ᠎ᠠ ᠪᠠᠷ ᠬᠢ ᠠᠷᠭ᠎ᠠ ᠲᠤᠷᠰᠢᠯᠭ᠎ᠠ ᠪᠠ  ᠠᠮᠵᠢᠯᠳᠠ ᠪᠦᠲᠦᠮᠵᠢ ᠶᠢ ᠨᠠᠷᠢᠨ  ᠤᠶᠢᠯᠠᠭᠠᠭᠰᠠᠨ ᠪᠠᠶᠢᠨ᠎ᠠ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠤᠮᠳᠠ ᠣᠯᠤᠭᠰᠠᠨ  ᠠᠮᠵᠢᠯᠳᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠨ ᠪᠠᠭ᠋ᠠᠷᠬᠠᠭᠰᠠᠨ ᠪᠦᠭᠡᠳ ᠡᠨᠡ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠤᠯᠭᠠᠨ᠂  ᠵᠦᠷᠢᠶ᠎ᠡ  ᠪᠠᠨ ᠡᠷᠢᠵᠦ᠂ ᠳᠤᠲᠠᠭᠤᠳᠠᠯ ᠢᠶᠠᠨ ᠨᠦᠬᠦᠪᠦᠷᠢᠯᠡᠨ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠤᠨ᠎ᠠ ᠭᠡᠵᠦ ᠢᠯᠡᠳᠬᠡᠵᠡᠢ᠃ ᠡᠭᠦᠨ ᠤ ᠬᠠᠮᠲᠤ ᠬᠤᠶᠠᠷ ᠬᠤᠰᠢᠭᠤᠨ ᠤ ᠬᠢᠨ ᠬᠤᠶᠢᠰᠢᠳᠠ ᠤᠯᠤᠯᠴᠠᠭ᠎ᠠ ᠰᠣᠯᠢᠯᠴᠠᠭ᠎ᠠ ᠪᠠᠨ ᠤᠯᠠᠮ ᠴᠢᠩᠭᠠᠳᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠷᠡᠭᠡᠳᠦᠶ ᠶᠢᠨ ᠰᠡᠳᠬᠢᠮᠵᠢ ᠶᠢ ᠬᠠᠮᠲᠤᠪᠠᠷ ᠰᠦᠪᠡᠭᠴᠢᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠬᠠᠮᠲᠤᠪᠠᠷ ᠵᠢᠷᠤᠭᠯᠠᠬᠤ ᠶᠢ ᠬᠦᠰᠡᠭᠰᠡᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号