ᠲᠠᠶᠢᠹᠤᠰᠧ ᠬᠤᠰᠢᠭᠤ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ  ᠬᠥᠭᠵᠢᠭᠦᠯᠬᠦ︾ ᠠᠵᠢᠯᠯᠠᠭᠠᠨ ᠤ ᠵᠣᠯᠭᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2022/8/5
 8 ᠰᠠᠷ᠎ᠠ ᠶᠢᠨ 2 ᠤᠨ ᠡᠳᠦᠷ᠂  ᠲᠠᠶᠢᠹᠤᠰᠧ ᠬᠤᠰᠢᠭᠤ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ  ᠬᠦᠭᠵᠢᠬᠦᠯᠬᠦ︾  ᠠᠵᠢᠯᠯᠠᠭᠠᠨ ᠤ ᠵᠣᠯᠭᠠᠭᠤᠯᠬᠤ ᠬᠤᠷᠠᠯ ᠬᠢᠵᠦ᠂  ᠬᠤᠰᠢᠭᠤ ᠤᠯᠤᠰ ᠲᠦᠷᠦ ᠶᠢᠨ ᠵᠥᠪᠯᠡᠯᠭᠡᠨ ᠤ  ᠲᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠢᠦᠢ ᠴᠧᠩ ᠬᠦᠸᠧ ᠬᠤᠷᠠᠯ ᠳᠤ ᠣᠷᠣᠯᠴᠠᠪᠠ᠃ ᠬᠤᠷᠠᠯ   ᠠᠴᠠ᠂ ᠪᠥᠬᠦ ᠬᠤᠰᠢᠭᠤᠨ ᠤ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠬᠥᠭᠵᠢᠭᠦᠯᠬᠦ︾  ᠠᠵᠢᠯᠯᠠᠭᠠᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠲᠥᠷᠥ ᠶᠢᠨ ᠪᠣᠳᠣᠯᠭ᠎ᠠ ᠶᠢ ᠤᠯᠠᠮᠵᠢᠯᠠᠨ ᠲᠠᠶᠢᠯᠪᠤᠷᠢᠯᠠᠵᠤ᠂ ᠬᠤᠷᠠᠯ ᠳᠤ ᠣᠷᠣᠯᠴᠠᠭᠰᠠᠳ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ ᠠᠬᠢᠭᠤᠯᠬᠤ᠂  ᠭᠠᠴᠠᠭ᠎ᠠ ᠲᠣᠰᠬᠤᠨ ᠠᠵᠤ ᠠᠬᠤᠶᠢᠯᠠᠯ ᠢ ᠬᠠᠮᠲᠤ ᠪᠠᠷ ᠪᠠᠶᠢᠭᠤᠯᠬᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠠᠵᠤ ᠦᠢᠯᠡᠰ ᠤᠨ ᠬᠥᠭᠵᠢᠯᠲᠡ᠂ ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠶᠠᠷᠢᠯᠴᠠᠨ ᠰᠣᠯᠢᠯᠴᠠᠵᠤ᠂ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠬᠥᠭᠵᠢᠭᠦᠯᠬᠦ︾  ᠠᠵᠢᠯᠯᠠᠭᠠᠨ ᠤ ᠲᠠᠷᠠᠭᠠᠴᠢ ᠶᠢᠨ ᠠᠯᠬᠤᠮ ᠤᠨ ᠲᠦᠰᠦᠪ  ᠲᠦᠯᠦᠪᠯᠡᠭᠡᠨ ᠤ ᠲᠤᠬᠠᠢ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃ ᠬᠤᠷᠠᠯ ᠠᠴᠠ ᠪᠠᠰᠠ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂  ᠬᠠᠮᠢᠶ᠎ᠠ ᠪᠦᠬᠦᠢ  ᠪᠠᠶᠢᠭᠤᠯᠭ᠎ᠠ ᠨᠢᠭᠡᠴᠡ  ᠪᠠ ᠡᠯ᠎ᠡ ᠰᠤᠮᠤ ᠰᠢᠶᠠᠩ ᠪᠠᠯᠭᠠᠰᠤ ᠨᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠲᠦᠮᠡᠨ ᠠᠵᠤ ᠠᠬᠤᠶᠢᠯᠠᠯ  ᠲᠦᠮᠡᠨ ᠭᠠᠴᠠᠭ᠎ᠠ ᠲᠣᠰᠬᠤᠨ ᠢ  ᠬᠦᠭᠵᠢᠬᠦᠯᠬᠦ︾  ᠠᠵᠢᠯᠯᠠᠭᠠᠨ ᠤ ᠤᠳᠤᠷᠢᠳᠬᠤ ᠳᠤᠭᠤᠶᠢᠯᠠᠩ ᠤᠨ ᠦᠢᠯᠡᠳᠦᠯ ᠢ ᠰᠠᠶᠢᠲᠤᠷ  ᠪᠠᠳᠠᠷᠠᠭᠤᠯᠤᠨ᠂ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ  ᠬᠦᠭᠵᠢᠬᠦᠯᠬᠦ︾ ᠠᠵᠢᠯᠯᠠᠭ᠎ᠠ ᠶᠢ ᠵᠢᠯᠣᠭᠤᠳᠤᠨ ᠠᠬᠢᠭᠤᠯᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ  ᠦᠢᠯᠡᠴᠢᠯᠡᠭᠡ ᠪᠠᠲᠤᠯᠠᠭ᠎ᠠ ᠬᠠᠩᠭᠠᠬᠤ ᠪᠠᠨ ᠤᠯᠠᠮ ᠴᠢᠩᠭᠠᠳᠬᠠᠵᠤ᠂ ᠡᠯ᠎ᠡ  ᠲᠦᠷᠦᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠠᠷᠭ᠎ᠠ   ᠠᠪᠴᠢᠯ ᠢᠶᠠᠨ ᠲᠡᠭᠦᠯᠳᠡᠷᠵᠢᠭᠦᠯᠵᠦ᠂  ᠳᠠᠪᠠᠭᠤᠯᠢᠭ ᠡᠬᠢ ᠪᠠᠶᠠᠯᠢᠭ ᠪᠠ ᠠᠵᠤ ᠦᠢᠯᠡᠰ ᠤᠨ ᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠨ᠂ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠬᠠᠪᠰᠤᠷᠬᠤ︾ ᠦᠷ᠎ᠡ ᠪᠦᠲᠦᠭᠡᠯ ᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂  ᠭᠠᠴᠠᠭ᠎ᠠ ᠲᠣᠰᠬᠤᠨ ᠠᠵᠤ ᠠᠬᠤᠶᠢᠯᠠᠯ ᠬᠠᠮᠲᠤᠪᠠᠷ ᠪᠠᠶᠢᠭᠤᠯᠬᠤ᠂ ᠠᠵᠤ ᠦᠢᠯᠡᠰ ᠢᠶᠠᠷ ᠠᠬᠢᠭᠤᠯᠬᠤ᠂ ᠠᠵᠢᠯ ᠣᠯᠭᠤᠯᠲᠠ ᠪᠠᠷ ᠠᠬᠢᠭᠤᠯᠬᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠵᠢᠴᠢ ᠪᠡᠭᠡᠵᠢᠩ ᠥᠪᠥᠷ ᠮᠣᠩᠭᠤᠯ  ᠬᠠᠮᠵᠢᠯᠴᠠᠭᠰᠠᠨ ᠬᠠᠮᠲᠤᠪᠠᠷ ᠪᠦᠳᠦᠭᠡᠨ ᠪᠠᠶᠢᠭᠤᠯᠵᠤ ᠬᠠᠮᠲᠤᠪᠠᠷ ᠠᠰᠢᠭ ᠭᠥᠷᠳᠡᠬᠦ ᠰᠢᠨ᠎ᠡ ᠪᠠᠶᠢᠳᠠᠯ ᠢ ᠪᠡᠶᠡᠯᠡᠭᠦᠯᠬᠦ ᠬᠡᠷᠡᠭᠲᠡᠢ᠃ ᠠᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠮᠡᠳᠡᠭᠡ ᠵᠠᠩᠭᠢ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠵᠡᠷᠭᠡ ᠲᠠᠯ᠎ᠠ ᠪᠠᠷ ᠰᠠᠶᠢᠳᠤᠷ ᠬᠠᠮᠵᠢᠯᠴᠠᠨ᠂ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ  ᠬᠦᠭᠵᠢᠬᠦᠯᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠬᠤ ᠳᠤ ᠬᠦᠴᠦᠲᠡᠢ ᠳᠡᠮᠵᠢᠯᠭᠡ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠳᠡᠭᠡ ᠲᠣᠰᠬᠤᠨ ᠤ ᠬᠥᠭᠵᠢᠭᠦᠯᠦᠯᠲᠡ ᠶᠢᠨ ᠪᠠᠩᠬᠢ᠂ ᠲᠠᠷᠢᠶᠠᠯᠠᠩ ᠤᠨ ᠪᠠᠩᠬᠢ ᠵᠢᠴᠢ ᠡᠯ᠎ᠡ ᠰᠤᠮᠤ ᠰᠢᠶᠠᠩ  ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号